Хаах

ᠲᠥᠷᠦ ᠶ᠋ᠢᠨ ᠥᠮᠴᠢ ᠶ᠋ᠢᠨ ᠵᠢᠷᠭᠤᠭᠠᠨ ᠶᠡᢈᠡ ᠰᠤᠷᠭᠠᠭᠤᠯᠢ ᠶ᠋ᠢᠨ ᠳᠤᠮᠳᠠ ᠶ᠋ᠢᠨ ᠤᠳᠤᠷᠢᠳᠬᠤ ᠵᠥᠪᠯᠡᠯ ᠦ᠋ᠨ ᠦᠶᠢᠯᠡ ᠠᠵᠢᠯᠯᠠᠭ᠎ᠠ ᠶ᠋ᠢ ᠰᠢᠨᠡᠴᠢᠯᠡᠨ᠎ᠡ

A- A A+
ᠲᠥᠷᠦ ᠶ᠋ᠢᠨ ᠥᠮᠴᠢ ᠶ᠋ᠢᠨ ᠵᠢᠷᠭᠤᠭᠠᠨ ᠶᠡᢈᠡ ᠰᠤᠷᠭᠠᠭᠤᠯᠢ ᠶ᠋ᠢᠨ ᠳᠤᠮᠳᠠ ᠶ᠋ᠢᠨ ᠤᠳᠤᠷᠢᠳᠬᠤ ᠵᠥᠪᠯᠡᠯ ᠦ᠋ᠨ ᠦᠶᠢᠯᠡ ᠠᠵᠢᠯᠯᠠᠭ᠎ᠠ ᠶ᠋ᠢ ᠰᠢᠨᠡᠴᠢᠯᠡᠨ᠎ᠡ

ᠪᠣᠯᠪᠠᠰᠤᠷᠠᠯ ᠤ᠋ᠨ ᠰᠠᠶᠢᠳ ᠫᠦ᠊᠂ ᠨᠠᠷᠠᠨᠪᠠᠶᠠᠷ ᠲᠥᠷᠦ ᠶ᠋ᠢᠨ ᠥᠮᠴᠢ ᠶ᠋ᠢᠨ ᠵᠢᠷᠭᠤᠭᠠᠨ ᠶᠡᢈᠡ ᠰᠤᠷᠭᠠᠭᠤᠯᠢ ᠶ᠋ᠢᠨ ᠳᠤᠮᠳᠠ ᠶ᠋ᠢᠨ ᠤᠳᠤᠷᠢᠳᠬᠤ ᠵᠥᠪᠯᠡᠯ ᠦ᠋ᠨ ᠠᠵᠢᠯ ᠤ᠋ᠨ ᠠᠯᠪᠠᠨ ᠤ᠋ ᠪᠦᠷᠢᠯᠳᠦᢈᠦᠨ ᠢ᠋ ᢈᠦᠯᠢᠶᠡᠨ ᠠᠪᠴᠤ ᠠᠭᠤᠯᠵᠠᠨ᠂ ᠲᠤᠰ ᠵᠥᠪᠯᠡᠯ ᠦ᠋ᠨ ᠴᠢᠨᠠᠭᠰᠢᠳᠠ ᠶ᠋ᠢᠨ ᠦᠶᠢᠯᠡ ᠠᠵᠢᠯᠯᠠᠭᠠᠨ ᠤ᠋ ᠲᠠᠯ᠎ᠠ ᠪᠠᠷ ᠰᠠᠨᠠᠯ ᠰᠣᠯᠢᠯᠴᠠᠪᠠ᠃

ᠲᠥᠷᠦ ᠶ᠋ᠢᠨ ᠥᠮᠴᠢ ᠶ᠋ᠢᠨ ᠵᠢᠷᠭᠤᠭᠠᠨ ᠶᠡᢈᠡ ᠰᠤᠷᠭᠠᠭᠤᠯᠢ ᠪᠣᠯᠬᠤ ᠠ᠊᠂ ᠰᠢ᠊᠂ ᠤ᠊᠂ ᠦ᠊᠂ ᠶᠡ᠊᠂ ᠰᠤ᠊᠂; ᠮᠤ᠊᠂ ᠤ᠊᠂ ᠪᠤ᠊᠂ ᠶᠡ᠊᠂ ᠰᠤ᠊᠂; ᠮᠣ‍᠂ ᠤ‍᠂ ᠶᠡ‍᠂ ᠰᠤ᠊᠂; ᠰᠤ᠊᠂ ᠤ᠊᠂ ᠶᠡ᠊᠂ ᠰᠤ᠊᠂; ᠰᠢ᠊᠂ ᠤ᠊᠂ ᠲᠸ᠊᠂ ᠶᠡ᠊᠂ ᠰᠤ᠊᠂; ᠬᠥ᠊᠂ ᠠ᠊᠂ ᠠ᠊᠂ ᠶᠡ᠊᠂ ᠰᠤ᠊᠂ ᠨᠢ ᠳᠡᢉᠡᠳᠦ ᠪᠣᠯᠪᠠᠰᠤᠷᠠᠯ ᠤ᠋ᠨ ᠴᠢᠨᠠᠷ ᠢ᠋ ᠥᠨᠳᠦᠷ ᠲᠦᠪᠰᠢᠨ ᠳ᠋ᠦ ᢈᠦᠷᢈᠡᢈᠦ᠂ ᠰᠤᠳᠤᠯᠭᠠᠨ ᠤ᠋ ᠶᠡᢈᠡ ᠰᠤᠷᠭᠠᠭᠤᠯᠢ ᠶ᠋ᠢ ᢈᠥᢉᠵᠢᢉᠦᠯᢈᠦ᠂ ᠳᠡᢉᠡᠳᠦ ᠪᠣᠯᠪᠠᠰᠤᠷᠠᠯ ᠤ᠋ᠨ ᠪᠠᠶᠢᠭᠤᠯᠤᠯᠭ᠎ᠠ ᠨᠤᠭᠤᠳ ᠤ᠋ᠨ ᠣᠯᠠᠨ ᠤᠯᠤᠰ ᠲᠤ ᠥᠷᠢᠰᠦᠯᠳᠦᢈᠦ ᠴᠢᠳᠠᠪᠤᠷᠢ ᠶ᠋ᠢ ᠳᠡᢉᠡᢉᠰᠢᠯᠡᢉᠦᠯᢈᠦ ᠵᠣᠷᠢᠯᠭ᠎ᠠ ᠪᠠᠷ ᠒᠐᠒᠑ ᠣᠨ ᠳ᠋ᠤ ᠬᠠᠮᠲᠤ ᠶ᠋ᠢᠨ ᠠᠵᠢᠯᠯᠠᠭᠠᠨ ᠤ᠋ ᠰᠠᠨᠠᠮᠵᠢ ᠪᠢᠴᠢᢉ ᠪᠠᠶᠢᠭᠤᠯᠵᠡᠢ᠃ ᠵᠠᠰᠠᠭ ᠤ᠋ᠨ ᠭᠠᠵᠠᠷ ᠤ᠋ᠨ ᠒᠐᠒᠔ ᠣᠨ ᠤ᠋ ᠲᠣᠭᠲᠠᠭᠠᠯ ᠢ᠋ᠶᠠᠷ ᠬᠣᠯᠪᠤᠭᠳᠠᠬᠤ ᠶᠠᠮᠤᠨ ᠨᠤᠭᠤᠳ᠂ ᠬᠣᠯᠪᠤᠭ᠎ᠠ᠂ ᠶᠡᢈᠡ ᠰᠤᠷᠭᠠᠭᠤᠯᠢ ᠶ᠋ᠢᠨ ᠲᠥᠯᠦᢉᠡᠯᠡᠯ ᠪᠦᢈᠦᠢ ᠳᠤᠮᠳᠠ ᠶ᠋ᠢᠨ ᠤᠳᠤᠷᠢᠳᠬᠤ ᠵᠥᠪᠯᠡᠯ ᠦ᠋ᠨ ᠪᠦᠷᠢᠯᠳᠦᢈᠦᠨ ᠢ᠋ ᠪᠠᠲᠤᠯᠠᠵᠤ᠂ ᠶᠡᢈᠡ᠂ ᠳᠡᢉᠡᠳᠦ ᠰᠤᠷᠭᠠᠭᠤᠯᠢ ᠨᠤᠭᠤᠳ ᠤ᠋ᠨ ᠰᠲ᠋ᠷᠠᠲ᠋ᠧᢉᠢ ᠲᠥᠯᠦᠪᠯᠡᠯᠲᠡ ᠶ᠋ᠢ ᠰᠠᠶᠢᠵᠢᠷᠠᠭᠤᠯᠵᠤ᠂ ᠪᠣᠳᠤᠯᠭ᠎ᠠ ᠶ᠋ᠢᠨ ᠰᠤᠳᠤᠯᠭ᠎ᠠ ᠪᠣᠯᠪᠠᠰᠤᠷᠠᠭᠤᠯᠬᠤ ᠵᠡᠷᢉᠡ ᠦᠶᠢᠯᠡ ᠠᠵᠢᠯᠯᠠᠭ᠎ᠠ ᠶᠠᠪᠤᠭᠤᠯᠵᠤ ᠡᢈᠢᠯᠡᢉᠰᠡᠨ ᠪᠠᠶᠢᠨ᠎ᠠ᠃

ᠵᠠᠰᠠᠭ ᠤ᠋ᠨ ᠭᠠᠵᠠᠷ ᠤ᠋ᠨ ᠪᠦᠲᠦᠴᠡ ᠰᠢᠨᠡᠴᠢᠯᠡᢉᠳᠡᢉᠰᠡᠨ ᠲᠡᠢ ᠬᠣᠯᠪᠤᠭ᠎ᠠ ᠲᠠᠢ ᠪᠠᠷ ᠳᠤᠮᠳᠠ ᠶ᠋ᠢᠨ ᠤᠳᠤᠷᠢᠳᠬᠤ ᠵᠥᠪᠯᠡᠯ ᠳ᠋ᠦ ᠥᢉᠡᠷᠡᠴᠢᠯᠡᠯᠲᠡ ᠣᠷᠤᠭᠤᠯᠬᠤ ᠳ᠋ᠤ ᠪᠣᠯᠪᠠᠰᠤᠷᠠᠯ ᠤ᠋ᠨ ᠶᠠᠮᠤᠨ ᠠ᠋ᠴᠠ ᠳᠡᠮᠵᠢᠯᢉᠡ ᠦᠵᠡᢉᠦᠯᢈᠦ ᠶ᠋ᠢ ᠠᠵᠢᠯ ᠤ᠋ᠨ ᠠᠯᠪᠠᠨ ᠤ᠋ ᢈᠢᠨ ᢈᠦᠰᠡᠪᠡ᠃ ᠲᠥᠷᠦ ᠶ᠋ᠢᠨ ᠥᠮᠴᠢ ᠶ᠋ᠢᠨ ᠶᠡᢈᠡ ᠰᠤᠷᠭᠠᠭᠤᠯᠢ ᠨᠤᠭᠤᠳ ᠤ᠋ᠨ ᠰᠤᠷᠭᠠᠯᠲᠠ ᠶ᠋ᠢᠨ ᠴᠢᠨᠠᠷ ᠢ᠋ ᠳᠡᢉᠡᢉᠰᠢᠯᠡᢉᠦᠯᠵᠦ᠂ ᠴᠢᠳᠠᠪᠤᠷᠢᠯᠢᠭ ᠪᠣᠯᠪᠠᠰᠤᠨ ᢈᠦᠴᠦᠨ ᠪᠡᠯᠡᠳᢈᠡᢈᠦ ᠵᠣᠷᠢᠯᠭ᠎ᠠ ᠪᠠᠷ ᠳᠤᠮᠳᠠ ᠶ᠋ᠢᠨ ᠤᠳᠤᠷᠢᠳᠬᠤ ᠵᠥᠪᠯᠡᠯ ᠦ᠋ᠨ ᠦᠶᠢᠯᠡ ᠠᠵᠢᠯᠯᠠᠭᠠᠨ ᠤ᠋ ᠪᠣᠳᠤᠯᠭ᠎ᠠ ᠴᠢᢉᠯᠡᠯ ᠢ᠋ ᠰᠢᠨᠡᠴᠢᠯᠡᢈᠦ ᠱᠠᠭᠠᠷᠳᠠᠯᠭ᠎ᠠ ᠲᠠᠢ ᠶ᠋ᠢ ᠪᠣᠯᠪᠠᠰᠤᠷᠠᠯ ᠤ᠋ᠨ ᠰᠠᠶᠢᠳ ᠫᠦ᠊᠂ ᠨᠠᠷᠠᠨᠪᠠᠶᠠᠷ ᠣᠨᠴᠠᠯᠠᠯ᠎ᠠ᠃