Хаах

ᠲᠣᠭᠲᠠᠪᠤᠷᠢ ᠲᠠᠢ ᢈᠥᢉᠵᠢᠯ ᠦ᠋ᠨ ᠵᠣᠷᠢᠯᠲᠠ ᠔᠆ ᠶ᠋ᠢᠨ ᢈᠡᠷᠡᢉᠵᠢᠯᠲᠡ ᠶ᠋ᠢ ᢈᠡᠯᠡᠯᠴᠡᠵᠦ᠂ ᠴᠢᠨᠠᠭᠰᠢᠳᠠ ᠠᠩᠬᠠᠷᠬᠤ ᠠᠰᠠᠭᠤᠳᠠᠯ ᠤ᠋ᠳ ᠢ᠋ ᠲᠣᠳᠤᠷᠬᠠᠶᠢᠯᠠᠪᠠ

A- A A+
ᠲᠣᠭᠲᠠᠪᠤᠷᠢ ᠲᠠᠢ ᢈᠥᢉᠵᠢᠯ ᠦ᠋ᠨ ᠵᠣᠷᠢᠯᠲᠠ ᠔᠆ ᠶ᠋ᠢᠨ ᢈᠡᠷᠡᢉᠵᠢᠯᠲᠡ ᠶ᠋ᠢ ᢈᠡᠯᠡᠯᠴᠡᠵᠦ᠂ ᠴᠢᠨᠠᠭᠰᠢᠳᠠ ᠠᠩᠬᠠᠷᠬᠤ ᠠᠰᠠᠭᠤᠳᠠᠯ ᠤ᠋ᠳ ᠢ᠋ ᠲᠣᠳᠤᠷᠬᠠᠶᠢᠯᠠᠪᠠ

《ᠲᠣᠭᠲᠠᠪᠤᠷᠢ ᠲᠠᠢ ᢈᠥᢉᠵᠢᠯ ᠦ᠋ᠨ ᠵᠣᠷᠢᠯᠲᠠ ᠔᠆ ᠶ᠋ᠢᠨ ᠲᠥᠯᠦᢉᠡ ᠪᠢᠳᠡ ᠬᠠᠮᠲᠤ ᠳ᠋ᠤ ᠪᠠᠨ》 ᠠᠶᠠᠨ ᠤ᠋ ᢈᠦᠷᠢᠶᠡᠨ ᠳ᠋ᠦ ᠮᠣᠩᠭᠣᠯ ᠤᠯᠤᠰ ᠪᠣᠯᠤᠨ ᠵᠡᢉᠦᠨ ᠠᠽᠢ᠂ ᠨᠣᠮᠤᠬᠠᠨ ᠳᠠᠯᠠᠢ ᠶ᠋ᠢᠨ ᠪᠦᠰᠡ ᠨᠤᠲᠤᠭ ᠤ᠋ᠨ ᠤᠯᠤᠰ ᠣᠷᠤᠨ ᠨᠤᠭᠤᠳ ᠳᠠᢈᠢ《ᠴᠢᠨᠠᠷ ᠲᠠᠢ ᠪᠣᠯᠪᠠᠰᠤᠷᠠᠯ ᠢ᠋ ᠳᠡᠮᠵᠢᢈᠦ》ᠵᠣᠷᠢᠯᠭ᠎ᠠ ᠶ᠋ᠢᠨ ᢈᠡᠷᠡᢉᠵᠢᠯᠲᠡ᠂ ᠥᠨᠦ ᠶ᠋ᠢᠨ ᠨᠥᢈᠦᠴᠡᠯ ᠪᠠᠶᠢᠳᠠᠯ ᠢ᠋ ᢈᠡᠯᠡᠯᠴᠡᠵᠦ᠂ ᠴᠢᠨᠠᠭᠰᠢᠳᠠ ᠡᠷᠴᠢᠮᠵᠢᢉᠦᠯᢈᠦ᠂ ᠣᠨᠴᠤᠭᠤᠶᠢᠯᠠᠨ ᠠᠩᠬᠠᠷᠬᠤ ᠠᠰᠠᠭᠤᠳᠠᠯ ᠤ᠋ᠳ ᠢ᠋ ᠲᠣᠳᠤᠷᠬᠠᠶᠢᠯᠠᠯ᠎ᠠ᠃

ᢈᠡᠯᠡᠯᠴᠡᢉᠦᠯᢉᠡ ᠳ᠋ᠦ ᠪᠣᠯᠪᠠᠰᠤᠷᠠᠯ ᠤ᠋ᠨ ᠶᠠᠮᠤᠨ᠂ ᠨᠢ᠊᠂ ᠦ᠊᠂ ᠪᠠ᠊᠂ ᠤᠨ ᢈᠡᠦᢈᠡᠳ ᠦ᠋ᠨ ᠰᠠᠩ᠂ ᠬᠣᠯᠪᠤᠭᠳᠠᠬᠤ ᠲᠥᠷᠦ ᠶ᠋ᠢᠨ ᠪᠠᠶᠢᠭᠤᠯᠤᠯᠭ᠎ᠠ᠂ ᠢᠷᢉᠡᠨ ᠦ᠋ ᠨᠡᠶᠢᢉᠡᠮ ᠦ᠋ᠨ ᠪᠠᠶᠢᠭᠤᠯᠤᠯᠭ᠎ᠠ᠂ ᠪᠠᠭᠰᠢ᠂ ᠮᠡᠷᢉᠡᠵᠢᠯᠲᠡᠨ᠂ ᠰᠤᠳᠤᠯᠤᠭᠠᠴᠢᠳ ᠠ᠋ᠴᠠ ᠭᠠᠳᠠᠨ᠎ᠠ ᠮᠣᠩᠭᠣᠯ ᠤ᠋ᠨ ᢈᠡᠦᢈᠡᠳ ᠦ᠋ᠨ ᠵᠥᠪᠯᠡᠯ ᠦ᠋ᠨ ᠲᠥᠯᠦᢉᠡᠯᠡᠯ ᠣᠷᠤᠯᠴᠠᠵᠤ᠂ ᢈᠡᠦᢈᠡᠳ ᠵᠠᠯᠠᠭᠤᠴᠤᠤᠯ ᠤ᠋ᠨ ᢈᠡᠯᠡᠯᠴᠡᢉᠦᠯᢉᠡ ᠡᠴᠡ ᠭᠠᠷᠤᠭᠰᠠᠨ ᠰᠠᠨᠠᠯ᠂ ᠦᠷ᠎ᠡ ᠳ᠋ᠦᠩ ᠢ᠋ ᠬᠤᠪᠢᠶᠠᠯᠴᠠᠪᠠ᠃

ᠣᠷᠤᠯᠴᠠᠭᠴᠢᠳ ᠴᠢᠨᠠᠷ ᠲᠠᠢ ᠪᠣᠯᠪᠠᠰᠤᠷᠠᠯ ᠢ᠋ ᠳᠡᠮᠵᠢᢈᠦ ᠶ᠋ᠢᠨ ᠲᠤᠯᠠᠳᠠ ᢈᠡᠨ᠂ ᠶᠠᠭᠤ ᢈᠢᢈᠦ᠂ ᠬᠠᠮᠢᠭ᠎ᠠ ᠠ᠋ᠴᠠ᠂ ᠶᠠᠮᠠᠷ ᠳᠡᠮᠵᠢᠯᢉᠡ ᠱᠠᠭᠠᠷᠳᠠᠯᠭ᠎ᠠ ᠲᠠᠢ ᠲᠠᠯ ᠠ ᠪᠠᠷ ᢈᠡᠯᠡᠯᠴᠡᠵᠦ᠂ ᠒᠐᠓᠐ ᠣᠨ ᢉᠡᢈᠦ ᠳ᠋ᠦ ᢈᠡᠦᢈᠡᠳ ᠪᠦᠷᠢ ᠶ᠋ᠢ ᠲᠡᢉᠰᠢ᠂ ᠴᠢᠨᠠᠷ ᠲᠠᠢ ᠪᠣᠯᠪᠠᠰᠤᠷᠠᠯ ᠳ᠋ᠤ ᠬᠠᠮᠤᠷᠤᠭᠤᠯᠤᠭᠰᠠᠨ ᠪᠠᠶᠢᠬᠤ ᠶ᠋ᠢᠨ ᠲᠤᠯᠠᠳᠠ ᠡᠴᠢᢉᠡ ᠡᢈᠡ᠂ ᠠᠰᠠᠷᠠᠨ ᠬᠠᠮᠠᠭᠠᠯᠠᠭᠴᠢᠳ ᠢᠳᠡᠪᢈᠢ ᠰᠠᠨᠠᠭᠠᠴᠢᠯᠭ᠎ᠠ ᠭᠠᠷᠭᠠᠬᠤ᠂ ᢈᠦᠮᠦᠨ ᠦ᠋ ᠡᠷᢈᠡ᠂ ᠵᠧᠨ᠋ᠳᠧᠷ ᠦ᠋ᠨ ᠮᠡᠳᠡᠷᠡᠮᠵᠢ ᠲᠡᠢ ᠪᠣᠯᠪᠠᠰᠤᠷᠠᠯ ᠤ᠋ᠨ ᠪᠠᠶᠢᠭᠤᠯᠤᠯᠭ᠎ᠠ ᠶ᠋ᠢ ᠪᠡᢈᠢᠵᠢᢉᠦᠯᢈᠦ᠂ ᠪᠣᠳᠤᠯᠭ᠎ᠠ ᠪᠣᠯᠪᠠᠰᠤᠷᠠᠭᠤᠯᠬᠤ ᠪᠣᠯᠤᠨ ᢈᠡᠷᠡᢉᠵᠢᢉᠦᠯᢈᠦ ᠪᠠᠶᠢᠭᠤᠯᠤᠯᠭ᠎ᠠ ᠨᠤᠭᠤᠳ ᠰᠤᠷᠭᠠᠯᠲᠠ ᠶ᠋ᠢᠨ ᠲᠠᠭᠠᠲᠠᠢ ᠣᠷᠴᠢᠨ ᠢ᠋ ᠪᠦᠷᠢᠳᠦᢉᠦᠯᢈᠦ ᠳ᠋ᠦ ᠠᠩᠬᠠᠷᠬᠤ ᠵᠡᠷᢉᠡ ᠨᠡᠶᠢᢉᠡᠮ ᠦ᠋ᠨ ᠪᠦᢈᠦ ᠲᠠᠯ᠎ᠠ ᠶ᠋ᠢᠨ ᠣᠷᠤᠯᠴᠠᠭ᠎ᠠ ᠶ᠋ᠢ ᠣᠨᠴᠠᠯᠠᠭᠰᠠᠨ ᠰᠠᠨᠠᠯ ᠤ᠋ᠳ ᠢ᠋ ᠳᠡᠪᠰᠢᢉᠦᠯᠵᠦ᠂ ᠨᠢᢉᠡᠳᢈᠡᠯ ᠡ᠃

ᠪᠣᠯᠪᠠᠰᠤᠷᠠᠯ ᠤ᠋ᠨ ᠶᠠᠮᠤᠨ᠂ ᠨᠢ᠊᠂ ᠦ᠊᠂ ᠪᠠ᠊᠂ ᠤᠨ ᢈᠡᠦᢈᠡᠳ ᠦ᠋ᠨ ᠰᠠᠩ ᠬᠠᠮᠲᠤᠷᠠᠨ ᠲᠣᠭᠲᠠᠪᠤᠷᠢ ᠲᠠᠢ ᢈᠥᢉᠵᠢᠯ ᠦ᠋ᠨ ᠵᠣᠷᠢᠯᠲᠠ ᠔᠆ ᠶ᠋ᠢ ᠰᠤᠷᠲᠠᠯᠴᠢᠯᠠᠬᠤ᠂ ᢈᠡᠷᠡᢉᠵᠢᠯᠲᠡ ᠶ᠋ᠢ ᠡᠷᠴᠢᠮᠵᠢᢉᠦᠯᢈᠦ᠂ ᠲᠤᠯᠭᠠᠮᠳᠠᠵᠤ ᠪᠤᠢ ᠠᠰᠠᠭᠤᠳᠠᠯ ᠢ᠋ ᠰᠢᠶᠳᢈᠦ ᠵᠣᠷᠢᠯᠭ᠎ᠠ ᠪᠠᠷ ᠡᠨᠡ ᠰᠠᠷ᠎ᠠ ᠳ᠋ᠤ ᠣᠯᠠᠨ ᠲᠠᠯᠠᠲᠤ ᠠᠷᠭ᠎ᠠ ᢈᠡᠮᠵᠢᠶ᠎ᠡ ᠨᠦ᠋ᢉᠦᠳ ᠢ᠋ ᠵᠣᢈᠢᠶᠠᠨ ᠪᠠᠶᠢᠭᠤᠯᠵᠤ ᠪᠤᠢ ᠶ᠋ᠢᠨ ᠨᠢᢉᠡ ᠨᠢ ᠡᠨᠡ ᢈᠦ ᠪᠣᠳᠤᠯᠭ᠎ᠠ ᠶ᠋ᠢᠨ ᢈᠡᠯᠡᠯᠴᠡᢉᠦᠯᢉᠡ ᠶᠤᠮ᠃