Хаах

ᠴᠡᠴᠡᠷᠯᠢᢉ ᠦ᠋ᠨ ᠪᠠᠭᠰᠢ ᠨᠠᠷ ᠤ᠋ᠨ ᢉᠦᠢᠴᠡᠳᢈᠡᠯ ᠦ᠋ᠨ ᠦᠨᠡᠯᠡᢉᠡᠨ ᠦ᠋ ᠤᠷᠮᠠᠰᠢᠭᠤᠯᠤᠯ ᠤ᠋ᠨ ᠲᠣᠭᠲᠠᠯᠴᠠᠭᠠᠨ ᠳ᠋ᠤ ᠥᢉᠡᠷᠡᠴᠢᠯᠡᠯᠲᠡ ᠣᠷᠤᠭᠤᠯᠤᠨ᠎ᠠ

A- A A+
ᠴᠡᠴᠡᠷᠯᠢᢉ ᠦ᠋ᠨ ᠪᠠᠭᠰᠢ ᠨᠠᠷ ᠤ᠋ᠨ ᢉᠦᠢᠴᠡᠳᢈᠡᠯ ᠦ᠋ᠨ ᠦᠨᠡᠯᠡᢉᠡᠨ ᠦ᠋ ᠤᠷᠮᠠᠰᠢᠭᠤᠯᠤᠯ ᠤ᠋ᠨ ᠲᠣᠭᠲᠠᠯᠴᠠᠭᠠᠨ ᠳ᠋ᠤ ᠥᢉᠡᠷᠡᠴᠢᠯᠡᠯᠲᠡ ᠣᠷᠤᠭᠤᠯᠤᠨ᠎ᠠ

ᠪᠣᠯᠪᠠᠰᠤᠷᠠᠯ ᠤ᠋ᠨ ᠰᠠᠶᠢᠳ ᠫᠦ᠊᠂ ᠨᠠᠷᠠᠨᠪᠠᠶᠠᠷ ᠵᠥᠪᠯᠡᢈᠦ ᠳ᠊᠂ ᠭᠠᠩᠲᠤᠯᠭ᠎ᠠ ᠪᠣᠯᠤᠨ ᠪᠤᠰᠤᠳ ᠬᠣᠯᠪᠤᠭᠳᠠᠬᠤ ᠠᠯᠪᠠᠨ ᠤ᠋ ᢈᠢᠨ ᠤ᠋ ᠬᠠᠮᠲᠤ ᠪᠠᠭᠠᠨᠠᠭᠤᠷ᠂ ᠪᠠᠶᠠᠨᠭᠣᠣᠯ᠂ ᠰᠣᠩᢉᠢᠨᠠᠬᠠᠶᠢᠷᠬᠠᠨ᠂ ᠬᠠᠨ ᠊ ᠠᠭᠤᠯᠠ᠂ ᠴᠢᠩᢉᠡᠯᠲᠡᠢ ᠳᠡᢉᠦᠷᢉᠡ ᠳ᠋ᠡᢈᠢ ᠣᠷᠤᠨ ᠨᠤᠲᠤᠭ ᠤ᠋ᠨ ᠥᠮᠴᠢ ᠶ᠋ᠢᠨ ᠴᠡᠴᠡᠷᠯᠢᢉ ᠦ᠋ᠨ ᠡᠷᢈᠢᠯᠡᢉᠴᠢ ᠨᠠᠷ ᠲᠠᠢ ᠠᠭᠤᠯᠵᠠᠵᠤ᠂ ᠰᠤᠷᠭᠠᠭᠤᠯᠢ ᠶ᠋ᠢᠨ ᠡᠮᠦᠨᠡᢈᠢ ᠪᠣᠯᠪᠠᠰᠤᠷᠠᠯ ᠳ᠋ᠤ ᠪᠠᠷᠢᠮᠲᠠᠯᠠᠵᠤ ᠪᠤᠢ ᠪᠣᠳᠤᠯᠭ᠎ᠠ᠂ ᠴᠢᠨᠠᠭᠰᠢᠳᠠ ᠶ᠋ᠢᠨ ᠲᠥᠯᠦᠪᠯᠡᠯᠲᠡ ᠪᠡᠨ ᠲᠠᠨᠢᠯᠴᠠᠭᠤᠯᠤᠨ᠂ ᠲᠤᠯᠭᠠᠮᠳᠠᠭᠰᠠᠨ ᠠᠰᠠᠭᠤᠳᠠᠯ᠂ ᠰᠠᠨᠠᠯ ᢈᠦᠰᠡᠯᠲᠡ ᠶ᠋ᠢ ᠨᠢ ᠰᠣᠨᠤᠰᠪᠠ᠃

ᠡᠨᠡ ᢈᠢᠴᠢᠶᠡᠯ ᠦ᠋ᠨ ᠵᠢᠯ ᠳ᠋ᠦ ᠨᠡᠶᠢᠰᠯᠡᠯ ᠦ᠋ᠨ ᢈᠡᠮᠵᠢᠶᠡᠨ ᠳ᠋ᠦ ᠲᠥᠷᠦ ᠶ᠋ᠢᠨ ᠪᠣᠯᠤᠨ ᠬᠤᠪᠢ ᠶ᠋ᠢᠨ ᠥᠮᠴᠢ ᠶ᠋ᠢᠨ ᠖᠕᠙ ᠴᠡᠴᠡᠷᠯᠢᢉ ᠦᠶᠢᠯᠡ ᠠᠵᠢᠯᠯᠠᠭ᠎ᠠ ᠶᠠᠪᠤᠭᠤᠯᠵᠤ ᠪᠠᠶᠢᠭ᠎ᠠ ᠠ᠋ᠴᠠ ᠳᠡᢉᠡᠷᠡᢈᠢ ᠲᠠᠪᠤᠨ ᠳᠡᢉᠦᠷᢉᠡ ᠶ᠋ᠢᠨ ᠑᠙᠓ ᠴᠡᠴᠡᠷᠯᠢᢉ ᠦ᠋ᠨ ᠡᠷᢈᠢᠯᠡᢉᠴᠢ ᠨᠠᠷ ᠥᠨᠦᠳᠦᠷ ᠦ᠋ᠨ ᠠᠭᠤᠯᠵᠠᠯᠲᠠ ᠳ᠋ᠤ ᠣᠷᠤᠯᠴᠠᠯ᠎ᠠ᠃

ᠴᠡᠴᠡᠷᠯᠢᢉ ᠦ᠋ᠨ ᢈᠡᠦᢈᠡᠳ ᠦ᠋ᠨ ᠬᠣᠭᠤᠯᠠᠨ ᠤ᠋ ᠲᠡᢉᠦᢈᠡᠢ ᠡᠳ᠋ ᠦ᠋ᠨ ᠵᠠᠷᠤᠳᠠᠯ ᠢ᠋ ᠨᠡᠮᠡᢉᠳᠡᢉᠦᠯᠵᠦ ᠪᠠᠶᠢᠭᠠᠳ ᠡᠷᢈᠢᠯᠡᢉᠴᠢ ᠨᠠᠷ ᠲᠠᠯᠠᠷᠬᠠᠯ ᠢᠯᠡᠷᢈᠡᠶᠢᠯᠡᠵᠦ᠂ ᠰᠢᠮ᠎ᠡ ᠲᠡᠵᠢᢉᠡᠯ ᠢ᠋ ᠬᠠᠩᠭᠠᠯᠲᠠᠲᠠᠢ ᠪᠣᠯᠭᠠᠬᠤ ᠳ᠋ᠤ ᠠᠩᠬᠠᠷᠬᠤ ᠱᠠᠭᠠᠷᠳᠠᠯᠭ᠎ᠠ ᠲᠠᠢ ᠶ᠋ᠢ ᠣᠨᠴᠠᠯᠠᠪᠠ᠃ ᠲᠡᠳᠡ ᠨᠥᢈᠦᠨ ᠬᠠᠩᠭᠠᠯᠲᠠ ᠶ᠋ᠢᠨ ᠵᠠᠷᠤᠳᠠᠯ᠂ ᠴᠡᠴᠡᠷᠯᠢᢉ ᠦ᠋ᠨ ᠪᠠᠭᠰᠢ ᠨᠠᠷ ᠤ᠋ᠨ ᢉᠦᠢᠴᠡᠳᢈᠡᠯ ᠦ᠋ᠨ ᠦᠨᠡᠯᠡᢉᠡᠨ ᠦ᠋ ᠤᠷᠮᠠᠰᠢᠭᠤᠯᠤᠯ᠂ ᠴᠠᠯᠢᠩ ᠪᠣᠯᠤᠨ ᠪᠤᠰᠤᠳ ᠬᠠᠩᠭᠠᠮᠵᠢ᠂ ᠡᠴᠢᢉᠡ ᠡᢈᠡ᠂ ᠠᠰᠠᠷᠠᠨ ᠬᠠᠮᠠᠭᠠᠯᠠᠭᠴᠢᠳ ᠤ᠋ᠨ ᠬᠠᠷᠢᠯᠴᠠᠭ᠎ᠠ ᠬᠠᠨᠳᠤᠯᠭ᠎ᠠ ᠵᠡᠷᢉᠡ ᠠᠰᠠᠭᠤᠳᠠᠯ ᠢ᠋ᠶᠠᠷ ᠰᠠᠨᠠᠯ ᢈᠦᠰᠡᠯᠲᠡ ᢈᠡᠯᠡᠵᠦ ᠪᠠᠶᠢᠯ᠎ᠠ᠃ ᠮᠥᠨ ᠪᠠᠭᠰᠢ ᠪᠡᠯᠡᠳᢈᠡᠵᠦ ᠪᠤᠢ ᠰᠤᠷᠭᠠᠭᠤᠯᠢ ᠨᠤᠭᠤᠳ ᠤ᠋ᠨ ᠰᠤᠷᠭᠠᠯᠲᠠ ᠶ᠋ᠢᠨ ᠴᠢᠨᠠᠷ᠂ ᠲᠡᢉᠦᠰᠦᢉᠴᠢᠳ ᠦ᠋ᠨ ᠮᠡᠳᠡᠯᢉᠡ ᠴᠢᠳᠠᠪᠤᠷᠢ ᠳ᠋ᠤ ᠠᠩᠬᠠᠷᠴᠤ ᠰᠠᠶᠢᠵᠢᠷᠠᠭᠤᠯᠬᠤ᠂ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠶ᠋ᠢᠨ ᠠᠳᠠᠯᠢ ᠴᠡᠴᠡᠷᠯᠢᢉ ᠲᠦ ᠰᠡᠳᢈᠢᠯ ᠵᠦᠶᠢᠴᠢ ᠠᠵᠢᠯᠯᠠᠬᠤ ᠱᠠᠭᠠᠷᠳᠠᠯᠭ᠎ᠠ ᠲᠠᠢ ᠪᠠᠶᠢᠨ᠎ᠠ ᢉᠡᠪᠡ᠃

ᠶᠠᠷᠢᠯᠴᠠᠭᠰᠠᠨ ᠠᠰᠠᠭᠤᠳᠠᠯ ᠤ᠋ᠳ ᠢ᠋ ᠪᠣᠳᠠᠲᠤ ᠪᠠᠷ ᠰᠢᠶᠳᠪᠦᠷᠢᠯᠡᠵᠦ᠂ ᠦᠷ᠎ᠡ ᠳ᠋ᠦᠩ ᠭᠠᠷᠭᠠᠬᠤ ᠶ᠋ᠢᠨ ᠲᠤᠯᠠᠳᠠ ᠱᠠᠭᠠᠷᠳᠠᠯᠭ᠎ᠠ ᠲᠠᠢ ᠠᠷᠭ᠎ᠠ ᢈᠡᠮᠵᠢᠶ᠎ᠡ ᠶ᠋ᠢ ᠠᠪᠬᠤ ᠪᠥᢉᠡᠳ ᠴᠡᠴᠡᠷᠯᠢᢉ ᠦ᠋ᠨ ᠪᠠᠭᠰᠢ ᠨᠠᠷ ᠤ᠋ᠨ ᢉᠦᠢᠴᠡᠳᢈᠡᠯ ᠦ᠋ᠨ ᠦᠨᠡᠯᠡᢉᠡᠨ ᠦ᠋ ᠤᠷᠮᠠᠰᠢᠭᠤᠯᠤᠯ ᠤ᠋ᠨ ᠲᠣᠭᠲᠠᠯᠴᠠᠭᠠᠨ ᠳ᠋ᠤ ᠥᢉᠡᠷᠡᠴᠢᠯᠡᠯᠲᠡ ᠣᠷᠤᠭᠤᠯᠬᠤ ᠳ᠋ᠠᠭᠠᠨ ᠲᠡᠳᠡᠨ ᠦ᠋ ᠲᠥᠯᠦᢉᠡᠯᠡᠯ ᠢ᠋ ᠣᠷᠤᠯᠴᠠᠭᠤᠯᠵᠤ᠂ ᠰᠠᠨᠠᠯ ᠢ᠋ ᠨᠢ ᠠᠪᠤᠨ᠎ᠠ ᢉᠡᠳᠡᢉ ᠢ᠋ ᠪᠣᠯᠪᠠᠰᠤᠷᠠᠯ ᠤ᠋ᠨ ᠰᠠᠶᠢᠳ ᠤ᠋ᠨ ᠵᠥᠪᠯᠡᢈᠦ ᠳ᠊᠂ ᠭᠠᠩᠲᠤᠯᠭ᠎ᠠ ᢈᠡᠯᠡᠯ᠎ᠡ᠃ ᠠᠭᠤᠯᠵᠠᠯᠲᠠ ᠶ᠋ᠢᠨ ᠦᠶ᠎ᠡ ᠪᠡᠷ ᠡᠷᢈᠢᠯᠡᢉᠴᠢ ᠨᠠᠷ ᠠ᠋ᠴᠠ ᠭᠠᠷᠤᠭᠰᠠᠨ ᠰᠠᠨᠠᠯ ᢈᠦᠰᠡᠯᠲᠡ ᠶ᠋ᠢ ᠨᠢᢉᠡᠳᢈᠡᠨ ᢈᠦᠯᠢᠶᠡᠨ ᠠᠪᠴᠤ᠂ ᠠᠰᠠᠭᠤᠳᠠᠯ ᠤ᠋ᠳ ᠢ᠋ ᠡᠷᠢᠮᠪᠡᠯᠡᠨ᠂ ᠦᠶ᠎ᠡ ᠱᠠᠲᠤ ᠲᠠᠢ ᠪᠠᠷ ᠰᠢᠢᠳᠪᠦᠷᠢᠯᠡᢈᠦ ᠪᠡᠷ ᠠᠵᠢᠯᠯᠠᠨ᠎ᠠ ᢉᠡᠳᠡᢉ ᠢ᠋ᠶᠡᠨ ᠪᠣᠯᠪᠠᠰᠤᠷᠠᠯ ᠤ᠋ᠨ ᠰᠠᠶᠢᠳ                    ᠫᠦ᠊᠂ ᠨᠠᠷᠠᠨᠪᠠᠶᠠᠷ ᠢᠯᠡᠷᢈᠡᠶᠢᠯᠡᠪᠡ᠃