ᠮᠣᠩᠭᠤᠯ ᠤᠯᠤᠰ ᠤ᠋ᠨ ᠪᠣᠯᠪᠠᠰᠤᠷᠠᠯ ᠤ᠋ᠨ ᠶᠠᠮᠤᠨ᠂ ᠪᠦ᠊᠂ ᠨᠠ᠊᠂ ᠰᠤ᠊᠂ ᠤ᠊᠂ ᠤ᠋ᠨ ᠳᠡᠵᠣᠨ ᠬᠣᠲᠠ ᠶ᠋ᠢᠨ ᠪᠣᠯᠪᠠᠰᠤᠷᠠᠯ ᠤ᠋ᠨ ᠭᠠᠵᠠᠷ ᠬᠣᠭᠤᠷᠤᠨᠳᠤ ᠪᠠᠶᠢᠭᠤᠯᠤᠭᠰᠠᠨ ᠬᠠᠮᠲᠤ ᠶ᠋ᠢᠨ ᠠᠵᠢᠯᠯᠠᠭᠠᠨ ᠤ᠋ ᠰᠠᠨᠠᠮᠵᠢ ᠪᠢᠴᠢᢉ ᠦ᠋ᠨ ᢈᠦᠷᠢᠶᠡᠨ ᠳ᠋ᠦ ᠴᠠᢈᠢᠮ ᠳ᠋ᠤ ᠪᠣᠯᠪᠠᠰᠤᠷᠠᠯ ᠢ᠋ ᢈᠥᢉᠵᠢᢉᠦᠯᢈᠦ᠂ ᠮᠡᠳᠡᢉᠡᠯᠡᠯ ᠵᠦᠢ ᠶ᠋ᠢᠨ ᠪᠠᠭᠰᠢ ᠨᠠᠷ ᠤ᠋ᠨ ᠴᠢᠳᠠᠪᢈᠢᠵᠢᠭᠤᠯᠬᠤ᠂ ᠤᠬᠠᠭᠠᠯᠢᠭ ᠲᠠᠩᢈᠢᠮ ᠪᠠᠶᠢᠭᠤᠯᠬᠤ᠂ ᠲᠣᠨᠤᠭ ᠲᠥᢈᠦᢉᠡᠷᠦᠮᠵᠢ ᠪᠡᠷ ᠬᠠᠩᠭᠠᠬᠤ ᠵᠡᠷᢉᠡ ᠣᠯᠠᠨ ᠠᠵᠢᠯ ᠢ᠋ ᠦᠶᠡ ᠱᠠᠲᠤ ᠲᠠᠢ ᠪᠠᠷ ᢈᠡᠷᠡᢉᠵᠢᢉᠦᠯᠵᠦ ᠪᠠᠶᠢᠨᠠ᠃
ᠬᠠᠮᠲᠤ ᠶ᠋ᠢᠨ ᠠᠵᠢᠯᠯᠠᠭᠠᠨ ᠤ᠋ ᠳ᠋ᠦᠩ ᠳ᠋ᠦ ᠒᠐᠒᠓ ᠣᠨ ᠤ᠋ ᠪᠠᠶᠢᠳᠠᠯ ᠢ᠋ᠶᠠᠷ ᠔᠙᠐ ᠪᠠᠭᠰᠢ ᠶ᠋ᠢ ᠪᠦ᠊᠂ ᠨᠠ᠊᠂ ᠰᠤ᠊᠂ ᠤ᠊᠂ ᠳᠤ ᠮᠡᠷᢉᠡᠵᠢᠯ ᠦ᠋ᠨ ᠤᠷᠠ ᠴᠢᠳᠠᠪᠤᠷᠢ ᠳᠡᢉᠡᢉᠰᠢᠯᠡᢉᠦᠯᢈᠦ ᠰᠤᠷᠭᠠᠯᠲᠠ ᠳ᠋ᠤ ᠬᠠᠮᠤᠷᠤᠭᠤᠯᠵᠤ᠂ ᠑᠖ ᠰᠤᠷᠭᠠᠭᠤᠯᠢ ᠳ᠋ᠤ ᠮᠡᠳᠡᢉᠡᠯᠡᠯ ᠲᠧᠻᠨᠤᠯᠤᢉᠢ ᠶ᠋ᠢᠨ ᠲᠠᠩᢈᠢᠮ ᠪᠠᠶᠢᠭᠤᠯᠤᠭᠠᠳ ᠪᠤᠢ᠃ ᠳᠡᠵᠤᠨ ᠬᠣᠲᠠ ᠶ᠋ᠢᠨ ᠪᠣᠯᠪᠠᠰᠤᠷᠠᠯ ᠤ᠋ᠨ ᠭᠠᠵᠠᠷ ᠠ᠋ᠴᠠ ᠵᠢᠯ ᠪᠦᠷᠢ ᠬᠣᠶᠠᠷ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠶ᠋ᠢ ᠰᠣᠩᠭᠤᠨ ᠤᠬᠠᠭᠠᠯᠢᠭ ᠲᠠᠩᢈᠢᠮ ᠪᠠᠶᠢᠭᠤᠯᠵᠤ ᠪᠠᠶᠢᠭᠠ ᠪᠥᢉᠡᠳ ᠡᠨᠡ ᠤᠳᠠᠭᠠ ᠳ᠋ᠤ ᠭᠣᠪᠢ ᠆ ᠠᠯᠲᠠᠢ᠂ ᠵᠠᠪᠬᠠᠨ ᠠᠶᠢᠮᠠᠭ ᠤ᠋ᠨ ᠨᠢᢉᠡ᠂ ᠨᠢᢉᠡ ᠰᠤᠷᠭᠠᠭᠤᠯᠢ ᠶ᠋ᠢᠨ ᠻᠣᠮᠫᠢᠶᠦ᠋ᠲ᠋ᠧᠷ ᠦ᠋ᠨ ᠲᠠᠩᢈᠢᠮ ᠢ᠋ ᠪᠦ᠊᠂ ᠨᠠ᠊᠂ ᠰᠤ᠊᠂ ᠤ᠊᠂ ᠤ᠋ᠨ ᠵᠢᠱᠢᢉ ᠢ᠋ᠶᠡᠷ ᠲᠣᢈᠢᠵᠢᠭᠤᠯᠤᠯᠠ᠃ ᠲᠡᢉᠦᠨᠴᠢᠯᠡᠨ ᠰᠤᠷᠤᠭᠴᠢᠳ ᠮᠡᠳᠡᢉᠡᠯᠡᠯ ᠲᠧᠻᠨᠣᠯᠣᢉᠢ ᠶ᠋ᠢᠨ ᠴᠢᢉᠯᠡᠯ ᠢ᠋ᠶᠡᠷ ᠪᠦ᠊᠂ ᠨᠠ᠊᠂ ᠰᠤ᠊᠂ ᠤ᠊᠂ ᠳᠤ ᠰᠤᠷᠤᠯᠴᠠᠬᠤ ᠪᠣᠯᠤᠮᠵᠢ ᠶ᠋ᠢ ᠪᠦᠷᠢᠳᠦᢉᠦᠯᢈᠦ ᠪᠡᠷ ᠲᠠᠯᠠ ᠨᠤᠭᠤᠳ ᠬᠠᠮᠲᠤᠷᠠᠨ ᠠᠵᠢᠯᠯᠠᠵᠤ ᠪᠠᠶᠢᠨᠠ᠃

