Хаах

ᠠᠩᢉᠯᠢ ᢈᠡᠯᠡᠨ ᠦ᠋ ᠪᠠᠭᠰᠢ ᠨᠠᠷ ᠢ᠋ ᠴᠢᠳᠠᠪᢈᠢᠵᠢᠭᠤᠯᠬᠤ᠂ ᠣᠷᠤᠨ ᠨᠤᠲᠤᠭ ᠲᠤ ᠠᠵᠢᠯᠯᠠᠭᠤᠯᠬᠤ ᢈᠥᠲᠦᠯᠪᠦᠷᠢ ᠶ᠋ᠢ ᠳᠡᠮᠵᠢᠨ᠎ᠡ

A- A A+
ᠠᠩᢉᠯᠢ ᢈᠡᠯᠡᠨ ᠦ᠋ ᠪᠠᠭᠰᠢ ᠨᠠᠷ ᠢ᠋ ᠴᠢᠳᠠᠪᢈᠢᠵᠢᠭᠤᠯᠬᠤ᠂ ᠣᠷᠤᠨ ᠨᠤᠲᠤᠭ ᠲᠤ ᠠᠵᠢᠯᠯᠠᠭᠤᠯᠬᠤ ᢈᠥᠲᠦᠯᠪᠦᠷᠢ ᠶ᠋ᠢ ᠳᠡᠮᠵᠢᠨ᠎ᠡ

ᠪᠣᠯᠪᠠᠰᠤᠷᠠᠯ ᠤ᠋ᠨ ᠰᠠᠶᠢᠳ ᠫᠦ᠊᠂ ᠨᠠᠷᠠᠨᠪᠠᠶᠠᠷ ᠠ᠊᠂ ᠨᠢ᠊᠂ ᠤ᠊᠂  ᠤ᠋ᠨ ᠠᠩᢉᠯᠢ ᢈᠡᠯᠡᠨ ᠦ᠋ ᠢᠨ᠋ᠰᠲ᠋ᠢᠲ᠋ᠦ᠋ᠲ /ELI/‍ ᠶ᠋ᠢᠨ ᠮᠣᠩᠭᠣᠯ ᠳ᠋ᠠᢈᠢ ᠰᠠᠯᠪᠤᠷᠢ ᠶ᠋ᠢᠨ ᠵᠠᢈᠢᠷᠤᠯ ᠻᠷᠡᢉ ᠫᠣᠷᠲ᠋ᠸᠯ ᠢ᠋ ᢈᠦᠯᠢᠶᠡᠨ ᠠᠪᠴᠤ ᠠᠭᠤᠯᠵᠠᠪᠠ᠃ ᠲᠤᠰ ᠢᠨ᠋ᠰᠲ᠋ᠢᠲ᠋ᠦ᠋ᠲ ᠨᠢ ᠪᠣᠯᠪᠠᠰᠤᠷᠠᠯ ᠤ᠋ᠨ ᠶᠠᠮᠤᠨ ᠲᠠᠢ ᠒᠘ ᠵᠢᠯ ᠦ᠋ᠨ ᠲᠤᠷᠰᠢ ᠬᠠᠮᠲᠤᠷᠠᠨ ᠠᠵᠢᠯᠯᠠᠵᠤ ᠢᠷᠡᢉᠰᠡᠨ ᠪᠥᢉᠡᠳ ᠡᠨᠡ ᠬᠤᠭᠤᠴᠠᠭᠠᠨ ᠳ᠋ᠤ ᠗᠐᠐ ᠭᠠᠷᠤᠢ ᠮᠡᠷᢉᠡᠰᠢᢉᠰᠡᠨ ᠪᠠᠭᠰᠢ ᠪᠣᠯᠤᠨ ᠵᠢᠭᠠᠬᠤ ᠠᠷᠭ᠎ᠠ ᠵᠦᠢ ᠶ᠋ᠢᠨ ᠮᠡᠷᢉᠡᠵᠢᠯᠲᠡᠨ ᠨᠦ᠋ᢉᠦᠳ ᠨᠢ ᠮᠣᠩᠭᠣᠯ ᠳ᠋ᠤ ᠢᠷᠡᠵᠦ᠂ ᠨᠡᠶᠢᠰᠯᠡᠯ ᠪᠣᠯᠤᠨ ᠣᠷᠤᠨ ᠨᠤᠲᠤᠭ ᠲᠤ ᠠᠩᢉᠯᠢ ᢈᠡᠯᠡᠨ ᠦ᠋ ᢈᠥᠲᠦᠯᠪᠦᠷᠢ ᠨᠦ᠋ᢉᠦᠳ ᠢ᠋ ᢈᠡᠷᠡᢉᠵᠢᢉᠦᠯᠦᢉᠰᠡᠨ ᠶᠤᠮ᠃

ᠬᠠᠮᠲᠤ ᠶ᠋ᠢᠨ ᠠᠵᠢᠯᠯᠠᠭ᠎ᠠ ᠶ᠋ᠢ ᠤᠯᠠᠮ ᠪᠠᠲᠤᠵᠢᠭᠤᠯᠵᠤ ᠒᠐᠒᠐ ᠣᠨ ᠳ᠋ᠤ ᠪᠣᠯᠪᠠᠰᠤᠷᠠᠯ ᠤ᠋ᠨ ᠶᠠᠮᠤᠨ᠂ ᠠ᠊᠂ ᠨᠢ᠊᠂ ᠤ᠊᠂  ᠤ᠋ᠨ ᠠᠩᢉᠯᠢ ᢈᠡᠯᠡᠨ ᠦ᠋ ᠢᠨ᠋ᠰᠲ᠋ᠢᠲ᠋ᠦ᠋ᠲ ᠬᠣᠭᠤᠷᠤᠨᠳᠤ ᠬᠠᠮᠲᠤ ᠶ᠋ᠢᠨ ᠠᠵᠢᠯᠯᠠᠭᠠᠨ ᠤ᠋ ᠰᠠᠨᠠᠮᠵᠢ ᠪᠢᠴᠢᢉ ᠪᠠᠶᠢᠭᠤᠯᠤᠭᠰᠠᠨ᠃ ᠣᠳᠤ ᠶ᠋ᠢᠨ ᠪᠠᠶᠢᠳᠠᠯ ᠢ᠋ᠶᠠᠷ ᠒᠐ ᠣᠷᠴᠢᠮ ᠪᠠᠭᠰᠢ ᠤᠯᠠᠭᠠᠨᠪᠠᠭᠠᠲᠤᠷ᠂ ᠳᠠᠷᠬᠠᠨ ᠬᠣᠲᠠ ᠪᠣᠯᠤᠨ ᠵᠠᠪᠬᠠᠨ᠂ ᠭᠣᠪᠢ ᠊ ᠠᠯᠲᠠᠢ ᠠᠶᠢᠮᠠᠭ ᠲᠤ ᠠᠵᠢᠯᠯᠠᠵᠤ᠂ ᠠᠩᢉᠯᠢ ᢈᠡᠯᠡᠨ ᠦ᠋ ᠪᠠᠭᠰᠢ ᠨᠠᠷ ᠢ᠋ ᠴᠢᠳᠠᠪᢈᠢᠵᠢᠭᠤᠯᠬᠤ᠂ ᠵᠢᠭᠠᠬᠤ ᠠᠷᠭ᠎ᠠ ᠵᠦᠢ᠂ ᠤᠷ᠎ᠠ ᠴᠢᠳᠠᠪᠤᠷᠢ ᠶ᠋ᠢ ᠰᠠᠶᠢᠵᠢᠷᠠᠭᠤᠯᠬᠤ ᠦᠶᠢᠯᠡ ᠠᠵᠢᠯᠯᠠᠭ᠎ᠠ ᠶ᠋ᠢ ᢉᠦᠶᠢᠴᠡᠳᢈᠡᠵᠦ ᠪᠠᠶᠢᠨ᠎ᠠ᠃

ᠠᠭᠤᠯᠵᠠᠯᠲᠠ ᠶ᠋ᠢᠨ ᠦᠶ᠎ᠡ ᠪᠡᠷ ᠻᠷᠡᢉ ᠫᠣᠷᠲ᠋ᠸᠯ ᠬᠠᠮᠲᠤ ᠶ᠋ᠢᠨ ᠠᠵᠢᠯᠯᠠᠭ᠎ᠠ ᠶ᠋ᠢ ᠦᠷᢉᠦᠯᠵᠢᠯᠡᢉᠦᠯᢈᠦ᠂ ᠪᠣᠯᠪᠠᠰᠤᠷᠠᠯ ᠤ᠋ᠨ ᠰᠤᠳᠤᠯᠭᠠᠨ ᠤ᠋ ᠦᠨᠳᠦᠰᠦᠨ ᠦ᠋ ᢈᠦᠷᠢᠶᠡᠯᠡᠩ ᠲᠡᠢ ᠬᠠᠮᠲᠤᠷᠠᠨ ᢈᠡᠷᠡᢉᠵᠢᢉᠦᠯᢈᠦ ᠦᠶᠢᠯᠡ ᠠᠵᠢᠯᠯᠠᠭᠠᠨ ᠳ᠋ᠤ ᠪᠠᠨ ᠶᠠᠮᠤᠨ ᠤ᠋ ᠳᠡᠮᠵᠢᠯᢉᠡ ᠶ᠋ᠢ ᢈᠦᠰᠡᠵᠦ ᠪᠤᠢ ᠪᠠᠨ ᠢᠯᠡᠷᢈᠡᠶᠢᠯᠡᠪᠡ᠃ ᠠᠩᢉᠯᠢ ᢈᠡᠯᠡ ᠰᠤᠷᠬᠤ ᠶ᠋ᠢᠨ ᠠᠴᠢ ᠬᠣᠯᠪᠤᠭᠳᠠᠯ ᠢ᠋ ᠴᠢᠬᠤᠯᠠᠴᠢᠯᠠᠵᠤ᠂ ᠪᠣᠳᠤᠯᠭ᠎ᠠ ᠶ᠋ᠢᠨ ᢈᠡᠮᠵᠢᠶᠡᠨ ᠳ᠋ᠦ ᠠᠪᠴᠤ ᠦᠵᠡᠵᠦ ᠪᠠᠶᠢᠭ᠎ᠠ ᠲᠤᠯᠠ ᠬᠠᠮᠲᠤ ᠶ᠋ᠢᠨ ᠠᠵᠢᠯᠯᠠᠭ᠎ᠠ ᠶ᠋ᠢ ᠦᠷᢉᠦᠯᠵᠢᠯᠡᢉᠦᠯᠦᠨ᠎ᠡ ᢉᠡᠳᠡᢉ ᠢ᠋ ᠪᠣᠯᠪᠠᠰᠤᠷᠠᠯ ᠤ᠋ᠨ ᠰᠠᠶᠢᠳ ᢈᠡᠯᠡᠯ᠎ᠡ᠃ ᠲᠡᢉᠦᠨᠴᠢᠯᠡᠨ ᠦᠢᠯᠡ ᠠᠵᠢᠯᠯᠠᠭ᠎ᠠ ᠪᠠᠨ ᠤᠯᠠᠮ ᠲᠡᠯᠡᠵᠦ ᠪᠠᠭᠰᠢ ᠨᠠᠷ ᠤ᠋ᠨ ᠲᠣᠭ᠎ᠠ ᠶ᠋ᠢ ᠨᠡᠮᠡᢉᠳᠡᢉᠦᠯᢈᠦ᠂ ᠲᠡᠳᠡᠨ ᠢ᠋ ᢈᠥᠳᠡᢉᠡ ᠣᠷᠤᠨ ᠨᠤᠲᠤᠭ ᠲᠤ ᠲᠦᠯᢈᠢᢉᠦᠦ ᠠᠵᠢᠯᠯᠠᠭᠤᠯᠬᠤ ᠶ᠋ᠢ ᠣᠨᠴᠠᠯᠠᠨ ᢈᠦᠰᠡᠪᠡ᠃