Хаах

ᠲᠥᠷᠦ ᠶ᠋ᠢᠨ ᠥᠮᠴᠢ ᠶ᠋ᠢᠨ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠶ᠋ᠢᠨ ᠵᠠᢈᠢᠷᠤᠯ ᠤ᠋ᠳ ᠲᠠᠢ ᠠᠭᠤᠯᠵᠠᠵᠤ᠂ ᠰᠠᠨᠠᠯ ᢈᠦᠰᠡᠯᠲᠡ ᠶ᠋ᠢ ᠨᠢ ᠠᠪᠴᠤ ᠡᢈᠢᠯᠡᠯ᠎ᠡ

A- A A+
ᠲᠥᠷᠦ ᠶ᠋ᠢᠨ ᠥᠮᠴᠢ ᠶ᠋ᠢᠨ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠶ᠋ᠢᠨ ᠵᠠᢈᠢᠷᠤᠯ ᠤ᠋ᠳ ᠲᠠᠢ ᠠᠭᠤᠯᠵᠠᠵᠤ᠂ ᠰᠠᠨᠠᠯ ᢈᠦᠰᠡᠯᠲᠡ ᠶ᠋ᠢ ᠨᠢ ᠠᠪᠴᠤ ᠡᢈᠢᠯᠡᠯ᠎ᠡ

ᠪᠣᠯᠪᠠᠰᠤᠷᠠᠯ ᠤ᠋ᠨ ᠰᠠᠶᠢᠳ ᠫᠦ᠊᠂ ᠨᠠᠷᠠᠨᠪᠠᠶᠠᠷ ᠵᠥᠪᠯᠡᢈᠦ ᠳ᠊᠂ ᠭᠠᠩᠲᠤᠯᠭ᠎ᠠ ᠶ᠋ᠢᠨ ᠬᠠᠮᠲᠤ ᠪᠠᠶᠠᠨᠵᠢᠷᠦᢈᠡ ᠳᠡᢉᠦᠷᢉᠡ ᠳ᠋ᠡᢈᠢ ᠲᠥᠷᠦ ᠶ᠋ᠢᠨ ᠥᠮᠴᠢ ᠶ᠋ᠢᠨ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠶ᠋ᠢᠨ ᠵᠠᢈᠢᠷᠤᠯ ᠤ᠋ᠳ ᠢ᠋ ᢈᠦᠯᠢᠶᠡᠨ ᠠᠪᠴᠤ ᠠᠭᠤᠯᠵᠠᠨ᠂ ᠪᠣᠳᠤᠯᠭ᠎ᠠ ᠲᠥᠯᠦᠪᠯᠡᠯᠲᠡ ᠪᠡᠨ ᠲᠠᠨᠢᠯᠴᠠᠭᠤᠯᠬᠤ ᠶ᠋ᠢᠨ ᠵᠡᠷᢉᠡᠴᠡᢉᠡ ᠲᠡᠳᠡᠨ ᠦ᠋ ᠲᠤᠯᠭᠠᠮᠳᠠᠵᠤ ᠪᠤᠢ ᠠᠰᠠᠭᠤᠳᠠᠯ᠂ ᠰᠠᠨᠠᠯ ᢈᠦᠰᠡᠯᠲᠡ ᠶ᠋ᠢ ᠰᠣᠨᠤᠰᠤᠯ ᠠ᠃

ᠪᠣᠯᠪᠠᠰᠤᠷᠠᠯ ᠤ᠋ᠨ ᠰᠠᠶᠢᠳ ᠤ᠋ᠨ ᠵᠦᢉ ᠡᠴᠡ ᠪᠠᠭᠰᠢ ᠨᠠᠷ ᠤ᠋ᠨ ᠠᠴᠢᠶᠠᠯᠠᠯ ᠢ᠋ ᠪᠠᠭᠤᠷᠠᠭᠤᠯᠬᠤ᠂ ᢈᠡᠦᢈᠡᠳ ᠪᠦᠷᠢ ᠶ᠋ᠢ ᠲᠡᢉᠰᠢ ᠬᠠᠮᠤᠷᠤᠨ ᠰᠤᠷᠭᠠᠬᠤ᠂ ᠰᠤᠷᠤᠭᠴᠢᠳ ᠲᠤ ᠲᠤᠯᠭᠠᠷᠠᠳᠠᠭ ᠠᠴᠢᠶᠠᠯᠠᠯ ᠢ᠋ ᠪᠠᠭᠠᠰᠬᠠᠬᠤ ᢉᠡᢈᠦ ᠮᠡᠲᠦ ᠵᠣᠷᠢᠯᠭ᠎ᠠ ᠪᠠᠷ ᢈᠡᠷᠡᢉᠵᠢᢉᠦᠯᠵᠦ ᠪᠤᠢ ᠵᠣᢈᠢᠴᠠᠭᠤᠯᠤᠯᠲᠠ᠂ ᠰᠢᠨᠡᠴᠢᠯᠡᠯ ᠦ᠋ᠳ ᠦ᠋ᠨ ᠲᠠᠯ ᠠ ᠪᠠᠷ ᠮᠡᠳᠡᢉᠡᠯᠡᠯ ᠥᢉᠴᠦ᠂ ᠨᠢᢉᠡᠳᠤᢉᠡᠷ ᠤᠯᠠᠷᠢᠯ ᠤ᠋ᠨ ᠪᠡᠶ᠎ᠡ ᠳᠠᠭᠠᠭᠠᠯᠲᠠ ᠶ᠋ᠢᠨ ᠳᠣᠯᠤᠭ᠎ᠠ ᠬᠣᠨᠤᠭ ᠲᠤ ᠰᠤᠷᠤᠭᠴᠢᠳ ᠢ᠋ ᠮᠦᠽᠧᠢ ᠦᠵᠡᢉᠦᠯᢈᠦ ᠪᠣᠯ ᠭᠤᠷᠪᠠᠳᠤᠭᠠᠷ ᠤᠯᠠᠷᠢᠯ ᠤ᠋ᠨ ᠪᠡᠶ᠎ᠡ ᠳᠠᠭᠠᠭᠠᠯᠲᠠ ᠶ᠋ᠢᠨ ᠳᠣᠯᠤᠭ᠎ᠠ ᠬᠣᠨᠤᠭ ᠲᠤ ᠭᠠᠮᠰᠢᠭ ᠠ᠋ᠴᠠ ᠬᠠᠮᠠᠭᠠᠯᠠᠬᠤ ᠰᠤᠷᠭᠠᠯᠲᠠ ᠳ᠋ᠤ ᠬᠠᠮᠤᠷᠤᠭᠤᠯᠤᠨ᠎ᠠ ᢉᠡᠳᠡᢉ ᠢ᠋ ᠣᠨᠴᠠᠯᠠᠪᠠ᠃

ᠵᠠᢈᠢᠷᠤᠯ ᠤ᠋ᠳ ᠤ᠋ᠨ ᠬᠤᠪᠢ ᠳ᠋ᠤ ᠰᠤᠷᠭᠠᠭᠤᠯᠢ ᠪᠣᠯᠤᠨ ᠽᠠᠯ ᠤ᠋ᠨ ᠪᠠᠷᠢᠯᠭ᠎ᠠ ᠨᠤᠭᠤᠳ ᠠᠰᠢᠭᠯᠠᠯᠲᠠ᠂ ᠰᠲ᠋ᠠᠨ᠋ᠳᠠᠷᠲ ᠤ᠋ᠨ ᠱᠠᠭᠠᠷᠳᠠᠯᠭ᠎ᠠ ᠬᠠᠩᠭᠠᠬᠤ ᠦᢉᠡᠢ᠂ ᢈᠦᠷᠲᠡᢉᠡᠮᠵᠢ ᠦᢉᠡᠢ ᠪᠠᠶᠢᠭ᠎ᠠ ᠨᠢ ᠬᠠᠮᠤᠭ ᠤ᠋ᠨ ᠲᠣᠮᠤ ᠠᠰᠠᠭᠤᠳᠠᠯ ᠪᠣᠯᠤᠭᠠᠳ ᠪᠠᠶᠢᠭ᠎ᠠ ᠶ᠋ᠢ ᠣᠨᠴᠠᠯᠠᠵᠤ᠂ ᠰᠤᠷᠭᠠᠭᠤᠯᠢ ᠶ᠋ᠢᠨ ᠣᠷᠤᠨ ᠲᠣᠭᠠᠨ ᠤ᠋ ᠨᠣᠷᠮᠠᠲᠢᠸ ᠢ᠋ ᠨᠡᠮᠡᢈᠦ᠂ ᠪᠠᠭᠰᠢ᠂ ᠠᠵᠢᠯᠲᠠᠨ ᠨᠤᠭᠤᠳ ᠤ᠋ᠨ ᠴᠠᠯᠢᠩ ᠢ᠋ ᠥᠰᢈᠡᢈᠦ ᠵᠡᠷᢉᠡ ᢈᠦᠰᠡᠯᠲᠡ ᠶ᠋ᠢ ᠢᠯᠡᠷᢈᠡᠶᠢᠯᠡᢉᠰᠡᠨ ᠶᠤᠮ᠃

ᠵᠠᠰᠠᠭ ᠤ᠋ᠨ ᠭᠠᠵᠠᠷ ᠠ᠋ᠴᠠ ᠠᠯᠢ ᠨᠢᢉᠡ ᠰᠠᠯᠪᠤᠷᠢ ᠶ᠋ᠢ ᠣᠨᠴᠠᠯᠠᠬᠤ ᠪᠤᠰᠤ᠂ ᠲᠥᠷᠦ ᠶ᠋ᠢᠨ ᠠᠯᠪᠠᠨ ᠬᠠᠭᠠᠭᠴᠢᠳ ᠤ᠋ᠨ ᠴᠠᠯᠢᠩ ᠢ᠋ ᠨᠡᠶᠢᠲᠡ ᠳ᠋ᠦ ᠨᠢ᠂ ᠢᠨ᠋ᠹᠯᠢᠶᠠᠼᠢ ᠲᠠᠢ ᠤᠶᠠᠯᠳᠤᠭᠤᠯᠤᠨ ᠦᠶ᠎ᠡ ᠱᠠᠲᠤ ᠲᠠᠢ ᠪᠠᠷ ᠥᠰᢈᠡᢈᠦ ᠪᠣᠳᠤᠯᠭ᠎ᠠ ᠪᠠᠷᠢᠮᠲᠠᠯᠠᠵᠤ ᠪᠤᠢ ᠶ᠋ᠢ ᠪᠣᠯᠪᠠᠰᠤᠷᠠᠯ ᠤ᠋ᠨ ᠰᠠᠶᠢᠳ ᢈᠡᠯᠡᠵᠦ᠂ ᠠᠭᠤᠯᠵᠠᠯᠲᠠ ᠶ᠋ᠢᠨ ᠦᠶ᠎ᠡ ᠪᠡᠷ ᠢᠷᠡᢉᠦᠯᠵᠦ ᠪᠤᠢ ᠪᠦᢈᠦ ᢈᠦᠰᠡᠯᠲᠡ ᠳ᠋ᠦ ᠬᠠᠷᠢᠭᠤ ᢈᠦᠷᢈᠡᢉᠦᠯᠦᠨ᠎ᠡ ᢈᠡᠮᠡᠪᠡ᠃ ᠡᠨᠡ ᠮᠡᠲᠦᠴᠢᠯᠡᠨ ᠪᠦᢈᠦ ᠳᠡᢉᠦᠷᢉᠡ ᠳ᠋ᠡᢈᠢ ᠲᠥᠷᠦ ᠶ᠋ᠢᠨ ᠥᠮᠴᠢ ᠶ᠋ᠢᠨ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠶ᠋ᠢᠨ ᠵᠠᢈᠢᠷᠤᠯ ᠤ᠋ᠳ ᠲᠠᠢ ᠠᠭᠤᠯᠵᠠᠯᠲᠠ ᠵᠣᢈᠢᠶᠠᠨ ᠪᠠᠶᠢᠭᠤᠯᠤᠨ᠎ᠠ᠃

ᠪᠠᠶᠠᠨᠵᠢᠷᠦᢈᠡ ᠳᠡᢉᠦᠷᢉᠡ ᠳ᠋ᠦ ᠲᠥᠷᠦ ᠶ᠋ᠢᠨ ᠥᠮᠴᠢ ᠶ᠋ᠢᠨ ᠓᠓᠂ ᠲᠥᠷᠦ ᠶ᠋ᠢᠨ ᠪᠤᠰᠤ ᠥᠮᠴᠢ ᠶ᠋ᠢᠨ ᠓᠔ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠳ᠋ᠤ ᠗᠘᠂᠐᠐᠐ ᠭᠠᠷᠤᠢ ᢈᠡᠦᢈᠡᠳ ᠰᠤᠷᠤᠯᠴᠠᠵᠤ᠂ ᠗᠐᠐᠐ ᠣᠷᠴᠢᠮ ᠪᠠᠭᠰᠢ᠂ ᠠᠵᠢᠯᠲᠠᠨ ᠠᠵᠢᠯᠯᠠᠵᠤ ᠪᠠᠶᠢᠨ᠎ᠠ᠃ ᠡᠨᠡ ᢈᠢᠴᠢᠶᠡᠯ ᠦ᠋ᠨ ᠵᠢᠯ ᠳ᠋ᠦ ᠲᠤᠰ ᠳᠡᢉᠦᠷᢉᠡ ᠳ᠋ᠦ ᠭᠤᠷᠪᠠᠨ ᠡᢉᠡᠯᠵᠢ ᠪᠡᠷ ᢈᠢᠴᠢᠶᠡᠯᠯᠡᢈᠦ ᠡᠷᠦᠰᠳᠡᠯ ᠲᠡᠢ ᠑᠖ ᠰᠤᠷᠭᠠᠭᠤᠯᠢ ᠶ᠋ᠢᠨ ᠘᠑᠓᠘ ᠰᠤᠷᠤᠭᠴᠢ ᠪᠠᠶᠢᠭᠰᠠᠨ᠃ ᠡᢉᠦᠨ ᠡᠴᠡ ᠑᠐ ᠰᠤᠷᠭᠠᠭᠤᠯᠢ ᠶ᠋ᠢᠨ ᠖᠗᠔᠓ ᠰᠤᠷᠤᠭᠴᠢ ᠶ᠋ᠢ ᠲᠦᠷᠢᠶᠡᠰᠦ ᠶ᠋ᠢᠨ ᢈᠢᠴᠢᠶᠡᠯ ᠦ᠋ᠨ ᠪᠠᠶᠢᠷᠢᠨ ᠳ᠋ᠤ ᠬᠠᠮᠤᠷᠤᠭᠤᠯᠵᠤ᠂ ᠕ ᠰᠤᠷᠭᠠᠭᠤᠯᠢ ᠶ᠋ᠢᠨ ᠳᠣᠲᠤᠭᠠᠳᠤ ᠨᠥᢉᠡᠴᠡ ᠪᠣᠯᠤᠮᠵᠢ ᠶ᠋ᠢ ᠠᠰᠢᠭᠯᠠᠭᠰᠠᠨ ᠪᠣᠯ ᠑ ᠰᠤᠷᠭᠠᠭᠤᠯᠢ ᠶ᠋ᠢᠨ ᠥᠷᢉᠡᠳᢈᠡᠯ ᠦ᠋ᠨ ᠪᠠᠷᠢᠯᠭ᠎ᠠ ᠠᠰᠢᠭᠯᠠᠯᠲᠠ ᠳ᠋ᠤ ᠣᠷᠤᠭᠰᠠᠨ ᠢ᠋ᠶᠠᠷ ᠳᠡᢉᠦᠷᢉᠡ ᠶ᠋ᠢᠨ ᢈᠡᠮᠵᠢᠶᠡᠨ ᠳ᠋ᠦ ᠭᠤᠷᠪᠠᠨ ᠡᢉᠡᠯᠵᠢ ᠪᠡᠷ ᢈᠢᠴᠢᠶᠡᠯᠯᠡᢈᠦ ᠠᠰᠠᠭᠤᠳᠠᠯ ᠰᠢᠢᠳᠦᢉᠳᠡᢉᠰᠡᠨ ᠪᠠᠶᠢᠨ᠎ᠠ᠃