Хаах

ᠰᠦᢈᠡᠪᠠᠭᠠᠲᠤᠷ ᠳᠡᢉᠦᠷᢉᠡ ᠳ᠋ᠡᢈᠢ ᠲᠥᠷᠦ ᠶ᠋ᠢᠨ ᠥᠮᠴᠢ ᠶ᠋ᠢᠨ ᠶᠡ᠊᠂ ᠪᠤ᠊᠂ ᠰᠤ᠊᠂ ᠢᠢᠨ ᠵᠠᢈᠢᠷᠤᠯ ᠤ᠋ᠳ ᠲᠠᠢ ᠠᠭᠤᠯᠵᠠᠯ᠎ᠠ

A- A A+
ᠰᠦᢈᠡᠪᠠᠭᠠᠲᠤᠷ ᠳᠡᢉᠦᠷᢉᠡ ᠳ᠋ᠡᢈᠢ ᠲᠥᠷᠦ ᠶ᠋ᠢᠨ ᠥᠮᠴᠢ ᠶ᠋ᠢᠨ ᠶᠡ᠊᠂ ᠪᠤ᠊᠂ ᠰᠤ᠊᠂ ᠢᠢᠨ ᠵᠠᢈᠢᠷᠤᠯ ᠤ᠋ᠳ ᠲᠠᠢ ᠠᠭᠤᠯᠵᠠᠯ᠎ᠠ

ᠪᠣᠯᠪᠠᠰᠤᠷᠠᠯ ᠤ᠋ᠨ ᠰᠠᠶᠢᠳ ᠫᠦ᠊᠂ ᠨᠠᠷᠠᠨᠪᠠᠶᠠᠷ ᠵᠥᠪᠯᠡᢈᠦ ᠳ᠊᠂ ᠭᠠᠩᠲᠤᠯᠭ᠎ᠠ ᠪᠣᠯᠤᠨ ᠠᠵᠢᠯ ᠤ᠋ᠨ ᠠᠯᠪᠠᠨ ᠤ᠋ ᠪᠦᠷᠢᠯᠳᠦᢈᠦᠨ ᠦ᠋ ᠬᠠᠮᠲᠤ ᠪᠠᠷ ᠨᠡᠶᠢᠰᠯᠡᠯ ᠳ᠋ᠡᢈᠢ ᠲᠥᠷᠦ ᠶ᠋ᠢᠨ ᠥᠮᠴᠢ ᠶ᠋ᠢᠨ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠶ᠋ᠢᠨ ᠵᠠᢈᠢᠷᠤᠯ ᠤ᠋ᠳ ᠲᠠᠢ ᠠᠭᠤᠯᠵᠠᠵᠤ᠂ ᠪᠣᠳᠤᠯᠭ᠎ᠠ᠂ ᠲᠥᠯᠦᠪᠯᠡᠯᠲᠡ ᠪᠡᠨ ᠲᠠᠨᠢᠯᠴᠠᠭᠤᠯᠤᠨ᠂ ᠲᠤᠯᠭᠠᠮᠳᠠᠵᠤ ᠪᠤᠢ ᠠᠰᠠᠭᠤᠳᠠᠯ᠂ ᠰᠠᠨᠠᠯ ᢈᠦᠰᠡᠯᠲᠡ ᠶ᠋ᠢ ᠨᠢ ᠰᠣᠨᠤᠰᠴᠤ ᠪᠤᠢ᠃ ᠥᠨᠦᠳᠦᠷ ᠰᠦᢈᠡᠪᠠᠭᠠᠲᠤᠷ ᠳᠡᢉᠦᠷᢉᠡ ᠶ᠋ᠢᠨ ᢈᠢᠨ ᠲᠡᠢ ᠠᠭᠤᠯᠵᠠᠯ᠎ᠠ᠃

ᠰᠦᢈᠡᠪᠠᠭᠠᠲᠤᠷ ᠳᠡᢉᠦᠷᢉᠡ ᠳ᠋ᠦ ᠲᠥᠷᠦ ᠶ᠋ᠢᠨ ᠥᠮᠴᠢ ᠶ᠋ᠢᠨ ᠒᠗᠂ ᠲᠥᠷᠦ ᠶ᠋ᠢᠨ ᠪᠤᠰᠤ ᠥᠮᠴᠢ ᠶ᠋ᠢᠨ ᠒᠕ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠳ᠋ᠤ ᠔᠗᠂᠙᠕᠑ ᢈᠡᠦᢈᠡᠳ ᠰᠤᠷᠤᠯᠴᠠᠵᠤ ᠪᠠᠶᠢᠨ᠎ᠠ᠃ ᠡᠨᠡ ᠳᠡᢉᠦᠷᢉᠡ ᠳ᠋ᠦ ᠠ᠊᠂ ᠰᠢ᠊᠂ ᠤ᠊᠂ ᠦ᠊᠂ ᠶᠡ᠊᠂ ᠰᠤ᠊᠂︔ ᠮᠣ‍᠂ ᠤ‍᠂ ᠶᠡ‍᠂ ᠰᠤ᠊᠂︔ ᠮᠤ᠊᠂ ᠤ᠊᠂ ᠪᠤ᠊᠂ ᠶᠡ᠊᠂ ᠰᠤ᠊᠂︔ ᠰᠢ᠊᠂ ᠤ᠊᠂ ᠲᠸ᠊᠂ ᠶᠡ᠊᠂ ᠰᠤ᠊᠂ ᠶ᠋ᠢᠨ ᠯᠢᠼᠧᠢ᠂ ᠮᠣᠩᠭᠤᠯ ᠤᠯᠤᠰ ᠤ᠋ᠨ ᠻᠣᠨ᠋ᠰᠧᠷᠸᠠᠲ᠋ᠤᠷ᠂ ᢈᠥᢉᠵᠢᠯ ᠦ᠋ᠨ ᠪᠡᠷᢈᠡᠰᠢᠶᠡᠯ ᠲᠡᠢ ᢈᠡᠦᢈᠡᠳ ᠦ᠋ᠳ ᠢ᠋ ᠬᠠᠮᠤᠷᠤᠨ ᠰᠤᠷᠭᠠᠳᠠᠭ ᠵᠡᠷᢉᠡ ᠣᠯᠠᠨ ᠲᠥᠷᠦᠯ ᠦ᠋ᠨ ᠰᠤᠷᠭᠠᠭᠤᠯᠢ ᠪᠠᠶᠢᠳᠠᠭ ᠣᠨᠴᠠᠯᠢᠭ ᠲᠠᠢ᠃ ᠮᠥᠨ ᠰᠦᢈᠡᠪᠠᠭᠠᠲᠤᠷ ᠳᠡᢉᠦᠷᢉᠡ ᠨᠢ ᠒᠐᠑᠒ ᠣᠨ ᠠ᠋ᠴᠠ ᠬᠣᠶᠢᠰᠢ ᠡᠯᠰᠡᠯᠲᠡ ᠶ᠋ᠢᠨ ᠶᠡᠷᠦᠩᢈᠡᠢ ᠰᠢᠯᠭᠠᠯᠲᠠ ᠶ᠋ᠢᠨ ᠳ᠋ᠦᠩ ᠦ᠋ᠨ ᠦᠵᠡᢉᠦᠯᠦᠯᠲᠡ ᠪᠡᠷ ᠨᠡᠶᠢᠰᠯᠡᠯ ᠦ᠋ᠨ ᢈᠡᠮᠵᠢᠶᠡᠨ ᠳ᠋ᠦ ᠲᠡᠷᠢᢉᠦᠯᠡᠵᠦ ᠢᠷᠡᢉᠰᠡᠨ ᠢ᠋ ᠲᠤᠰ ᠳᠡᢉᠦᠷᢉᠡ ᠶ᠋ᠢᠨ ᠪᠣᠯᠪᠠᠰᠤᠷᠠᠯ ᠤ᠋ᠨ ᢈᠡᠯᠲᠡᠰ ᠦ᠋ᠨ ᠳᠠᠷᠤᠭ᠎ᠠ ᠳ᠊᠂ ᠠᠳᠢᠶᠠᠰᠦ᠋ᠷᠦᠩ ᠣᠨᠴᠠᠯᠠᠯ᠎ᠠ᠃

ᠠᠭᠤᠯᠵᠠᠯᠲᠠ ᠶ᠋ᠢᠨ ᠦᠶ᠎ᠡ ᠪᠡᠷ ᠵᠠᢈᠢᠷᠤᠯ ᠤ᠋ᠳ ᠡᠴᠢᢉᠡ ᠡᢈᠡ᠂ ᠠᠰᠠᠷᠠᠨ ᠬᠠᠮᠠᠭᠠᠯᠠᠭᠴᠢᠳ ᠤ᠋ᠨ ᠰᠤᠷᠭᠠᠭᠤᠯᠢ ᠪᠣᠯᠤᠨ ᠪᠠᠭᠰᠢ ᠳ᠋ᠤ ᠬᠠᠨᠳᠤᠬᠤ ᠬᠠᠨᠳᠤᠯᠭ᠎ᠠ ᠶ᠋ᠢ ᠡᠶᠡᠷᢉᠦ ᠪᠣᠯᠭᠠᠬᠤ ᠳ᠋ᠤ ᠠᠩᠬᠠᠷᠴᠤ ᠠᠵᠢᠯᠯᠠᠬᠤ ᠶ᠋ᠢ ᢈᠦᠰᠡᠪᠡ᠃