Хаах

ᠠᠽᠢ ᠶ᠋ᠢᠨ ᢈᠥᢉᠵᠢᠯ ᠦ᠋ᠨ ᠪᠠᠩᠻᠢ ᠶ᠋ᠢᠨ ᠲᠥᠯᠦᢉᠡᠯᠡᢉᠴᠢᠳ ᠢ᠋ ᢈᠦᠯᠢᠶᠡᠨ ᠠᠪᠴᠤ ᠠᠭᠤᠯᠵᠠᠪᠠ

A- A A+
ᠠᠽᠢ ᠶ᠋ᠢᠨ ᢈᠥᢉᠵᠢᠯ ᠦ᠋ᠨ ᠪᠠᠩᠻᠢ ᠶ᠋ᠢᠨ ᠲᠥᠯᠦᢉᠡᠯᠡᢉᠴᠢᠳ ᠢ᠋ ᢈᠦᠯᠢᠶᠡᠨ ᠠᠪᠴᠤ ᠠᠭᠤᠯᠵᠠᠪᠠ

ᠪᠣᠯᠪᠠᠰᠤᠷᠠᠯ ᠤ᠋ᠨ ᠶᠠᠮᠤᠨ ᠤ᠋ ᠲᠥᠷᠦ ᠶ᠋ᠢᠨ ᠨᠠᠷᠢᠨ ᠪᠢᠴᠢᢉ ᠦ᠋ᠨ ᠳᠠᠷᠤᠭ᠎ᠠ ᠬᠠ᠊᠂ ᠪᠠᠲᠤᠵᠢᠷᠭᠠᠯ ᠠᠽᠢ ᠶ᠋ᠢᠨ ᢈᠥᢉᠵᠢᠯ ᠦ᠋ᠨ ᠪᠠᠩᠻᠢ ᠶ᠋ᠢᠨ ᢈᠦᠮᠦᠨ᠂ ᠨᠡᠶᠢᢉᠡᠮ ᠦ᠋ᠨ ᢈᠥᢉᠵᠢᠯ ᠦ᠋ᠨ ᠰᠧᠻᠲ᠋ᠤᠷ ᠤ᠋ᠨ ᠪᠣᠯᠪᠠᠰᠤᠷᠠᠯ ᠬᠠᠷᠢᠭᠤᠴᠠᠭᠰᠠᠨ ᠠᠬᠠᠯᠠᠬᠤ ᠮᠡᠷᢉᠡᠵᠢᠯᠲᠡᠨ ᠡᠶᠢᠰᠦ᠋ᠻᠧ ᠲᠠᠵᠢᠮ᠎ᠠ ᠲᠡᠷᠢᢉᠦᠲᠡᠢ ᠲᠥᠯᠦᢉᠡᠯᠡᢉᠴᠢᠳ ᠢ᠋ ᢈᠦᠯᠢᠶᠡᠨ ᠠᠪᠴᠤ ᠠᠭᠤᠯᠵᠠᠪᠠ᠃ ᠠᠭᠤᠯᠵᠠᠯᠲᠠ ᠶ᠋ᠢᠨ ᠦᠶ᠎ᠡ ᠪᠡᠷ ᠒᠐᠒᠔᠆ ᠒᠐᠒᠘ ᠣᠨ ᠳ᠋ᠤ ᠬᠠᠮᠲᠤᠷᠠᠨ ᢈᠡᠷᠡᢉᠵᠢᢉᠦᠯᢈᠦ ᠲᠥᠰᠦᠯ᠂ ᢈᠥᠲᠦᠯᠪᠦᠷᠢ ᠶ᠋ᠢᠨ ᠲᠠᠯ᠎ᠠ ᠪᠠᠷ ᠰᠠᠨᠠᠯ ᠰᠣᠯᠢᠯᠴᠠᠯ᠎ᠠ᠃

ᠣᠨᠴᠠᠯᠠᠪᠠᠯ᠂ ᠢᠷᠡᢈᠦ ᠵᠢᠯ ᠦ᠋ᠳ ᠲᠦ ᠰᠤᠷᠭᠠᠭᠤᠯᠢ ᠶ᠋ᠢᠨ ᠡᠮᠦᠨᠡᢈᠢ᠂ ᠮᠡᠷᢉᠡᠵᠢᠯ ᠦ᠋ᠨ ᠪᠣᠯᠤᠨ ᠲᠧᢈᠨᠢᢉ ᠦ᠋ᠨ ᠪᠣᠯᠪᠠᠰᠤᠷᠠᠯ ᠤ᠋ᠨ ᠰᠠᠯᠪᠤᠷᠢ ᠳ᠋ᠤ ᠲᠤᠯᠭᠠᠮᠳᠠᠵᠤ ᠪᠤᠢ ᠠᠰᠠᠭᠤᠳᠠᠯ ᠤ᠋ᠳ ᠢ᠋ ᠰᠢᠢᠳᢈᠦ᠂ ᠰᠢᠨᠡᠴᠢᠯᠡᠯ ᠢ᠋ ᠳᠡᠮᠵᠢᢈᠦ ᠴᠢᢉᠯᠡᠯ ᠢ᠋ᠶᠡᠷ ᠲᠥᠰᠦᠯ᠂ ᢈᠥᠲᠦᠯᠪᠦᠷᠢ ᢈᠡᠷᠡᢉᠵᠢᢉᠦᠯᢈᠦ᠂ ᠢᠩᢉᠢᢈᠦ ᠳ᠋ᠡᢉᠡᠨ ᠰᠠᠩᢈᠦᠵᠢᠯᠲᠡ ᠶ᠋ᠢᠨ ᠰᠢᠨᠡᠯᠢᢉ ᠰᢈᠧᠮ ᢈᠡᠷᠡᢉᠯᠡᢈᠦ ᠪᠣᠯᠤᠮᠵᠢ ᠶ᠋ᠢᠨ ᠲᠠᠯ᠎ᠠ ᠪᠠᠷ ᠶᠠᠷᠢᠯᠴᠠᠭᠰᠠᠨ ᠶᠤᠮ᠃

ᠠᠽᠢ ᠶ᠋ᠢᠨ ᢈᠥᢉᠵᠢᠯ ᠦ᠋ᠨ ᠪᠠᠩᠻᠢ ᠨᠢ ᠑᠙᠙᠑ ᠣᠨ ᠠ᠋ᠴᠠ ᠬᠣᠶᠢᠰᠢ ᠮᠣᠩᠭᠣᠯ ᠤᠯᠤᠰ ᠲᠤ ᠲᠥᠰᠦᠯ ᢈᠥᠲᠦᠯᠪᠦᠷᠢ ᠨᠦ᠋ᢉᠦᠳ ᢈᠡᠷᠡᢉᠵᠢᢉᠦᠯᠦᠨ᠂ ᠪᠣᠯᠪᠠᠰᠤᠷᠠᠯ ᠤ᠋ᠨ ᠰᠠᠯᠪᠤᠷᠢ ᠳ᠋ᠤ ᠨᠡᠶᠢᠲᠡ ᠑᠒᠗᠂᠒ ᠰᠠᠶ᠎ᠠ ᠠᠮ᠂ ᠳᠣᠯᠯᠠᠷ ᠤ᠋ᠨ ᠳᠡᠮᠵᠢᠯᢉᠡ᠂ ᠲᠤᠰᠠᠯᠠᠯᠴᠠᠭ᠎ᠠ ᠦᠵᠡᢉᠦᠯᠵᠡᠢ᠃