Хаах

ᠮᠣᠩᠭᠣᠯ ᠊᠊᠊ ᠶᠠᠫᠤᠨ ᠡᠮᠨᠡᠯᢉᠡ ᠶ᠋ᠢᠨ ᠮᠧᠨᠧᠵᠮᠧᠨ᠋ᠲ᠂ ᠡᠮᠨᠡᠯᢉᠡ ᠶ᠋ᠢᠨ ᠮᠡᠷᢉᠡᠵᠢᠯᠲᠡᠨ ᠦ᠋ ᠰᠤᠷᠭᠠᠯᠲᠠ ᠶ᠋ᠢᠨ ᠦᠶᠢᠯᠡ ᠠᠵᠢᠯᠯᠠᠭ᠎ᠠ ᠶ᠋ᠢ ᠪᠡᢈᠢᠵᠢᢉᠦᠯᢈᠦ ᠲᠥᠰᠦᠯ ᢈᠡᠷᠡᢉᠵᠢᠵᠦ ᠪᠠᠶᠢᠨ᠎ᠠ

A- A A+
ᠮᠣᠩᠭᠣᠯ ᠊᠊᠊ ᠶᠠᠫᠤᠨ ᠡᠮᠨᠡᠯᢉᠡ ᠶ᠋ᠢᠨ ᠮᠧᠨᠧᠵᠮᠧᠨ᠋ᠲ᠂ ᠡᠮᠨᠡᠯᢉᠡ ᠶ᠋ᠢᠨ ᠮᠡᠷᢉᠡᠵᠢᠯᠲᠡᠨ ᠦ᠋ ᠰᠤᠷᠭᠠᠯᠲᠠ ᠶ᠋ᠢᠨ ᠦᠶᠢᠯᠡ ᠠᠵᠢᠯᠯᠠᠭ᠎ᠠ ᠶ᠋ᠢ ᠪᠡᢈᠢᠵᠢᢉᠦᠯᢈᠦ ᠲᠥᠰᠦᠯ ᢈᠡᠷᠡᢉᠵᠢᠵᠦ ᠪᠠᠶᠢᠨ᠎ᠠ

ᠪᠣᠯᠪᠠᠰᠤᠷᠠᠯ ᠤ᠋ᠨ ᠶᠠᠮᠤᠨ ᠤ᠋ ᠲᠥᠷᠦ ᠶ᠋ᠢᠨ ᠨᠠᠷᠢᠨ ᠪᠢᠴᠢᢉ ᠦ᠋ᠨ ᠳᠠᠷᠤᠭ᠎ᠠ ᠬᠠ᠊᠂ ᠪᠠᠲᠤᠵᠢᠷᠭᠠᠯ 《ᠠ᠊᠂ ᠰᠢ᠊᠂ ᠤ᠊᠂ ᠦ᠊᠂ ᠶᠡ᠊᠂ ᠰᠤ᠊᠂ ᠦ᠋ᠨ ᠮᠣᠩᠭᠣᠯ ᠶᠠᠫᠤᠨ ᠡᠮᠨᠡᠯᢉᠡ ᠶ᠋ᠢᠨ ᠮᠧᠨᠧᠵᠮᠧᠨ᠋ᠲ᠂ ᠡᠮᠨᠡᠯᢉᠡ ᠶ᠋ᠢᠨ ᠮᠡᠷᢉᠡᠵᠢᠯᠲᠡᠨ ᠦ᠋ ᠰᠤᠷᠭᠠᠯᠲᠠ ᠶ᠋ᠢᠨ ᠦᠶᠢᠯᠡ ᠠᠵᠢᠯᠯᠠᠭ᠎ᠠ ᠶ᠋ᠢ ᠪᠡᢈᠢᠵᠢᢉᠦᠯᢈᠦ ᠲᠥᠰᠦᠯ》ᠦ᠋ᠨ ᠤᠳᠤᠷᠢᠳᠤᠭᠴᠢ ᠠᠪᠣ ᢈᠢᠷᠣᠰᠢ᠂ ᠵᠣᢈᠢᠴᠠᠭᠤᠯᠤᠭᠴᠢ ᠰᠠᠻᠠᠢ ᠷᠢᠨᠤ᠋ ᠲᠡᠷᠢᢉᠦᠲᠡᠢ ᠲᠥᠯᠦᢉᠡᠯᠡᢉᠴᠢᠳ ᠢ᠋ ᢈᠦᠯᠢᠶᠡᠨ ᠠᠪᠴᠤ ᠠᠭᠤᠯᠵᠠᠪᠠ᠃

ᠠᠭᠤᠯᠵᠠᠯᠲᠠ ᠪᠠᠷ ᠲᠥᠰᠦᠯ ᠦ᠋ᠨ ᠶᠠᠪᠤᠴᠠ᠂ ᠦᠷ᠎ᠡ ᠳ᠋ᠦᠩ᠂ ᠴᠢᠨᠠᠭᠰᠢᠳᠠ ᠶ᠋ᠢᠨ ᠰᠲ᠋ᠷᠠᠲ᠋ᠧᢉᠢ᠂ ᠬᠠᠮᠲᠤᠷᠠᠭᠰᠠᠨ ᠵᠣᢈᠢᠴᠠᠭᠤᠯᠬᠤ ᠬᠣᠷᠢᠶᠠᠨ ᠤ᠋ ᠬᠤᠷᠠᠯ ᠤ᠋ᠨ ᠪᠡᠯᠡᠳᢈᠡᠯ ᠠᠵᠢᠯ ᠤ᠋ᠨ ᠲᠠᠯ ᠠ ᠪᠠᠷ ᢈᠡᠯᠡᠯᠴᠡᠯ᠎ᠡ᠃

ᠡᠨᠡ ᢈᠦ ᠲᠥᠰᠦᠯ ᠨᠢ ᠡᠮᠨᠡᠯᢉᠡ ᠶ᠋ᠢᠨ ᠵᠣᢈᠢᠶᠠᠨ ᠪᠠᠶᠢᠭᠤᠯᠤᠯᠲᠠ᠂ ᠤᠳᠤᠷᠢᠳᠤᠯᠭ᠎ᠠ ᠮᠧᠨᠧᠵᠮᠧᠨ᠋ᠲ ᠢ᠋ ᠪᠡᢈᠢᠵᠢᢉᠦᠯᢈᠦ; ᠡᠪᠡᠳᠴᠢᠲᠡᠨ ᠲᠥᠪ ᠲᠡᠢ᠂ ᠡᠮᠨᠡᠯᢉᠡ ᠶ᠋ᠢᠨ ᠠᠶᠤᠯ ᠦᢉᠡᠢ ᠲᠤᠰᠠᠯᠠᠮᠵᠢ᠂ ᠦᠶᠢᠯᠡᠴᠢᠯᠡᢉᠡ ᠶ᠋ᠢ ᢈᠥᢉᠵᠢᢉᠦᠯᢈᠦ; ᠣᠷᠴᠢᠨ ᠦᠶ᠎ᠡ ᠶ᠋ᠢᠨ ᠣᠨᠤᠰᠢᠯᠠᠭ᠎ᠠ᠂ ᠡᠮᠴᠢᠯᠡᢉᠡᠨ ᠦ᠋ ᠳᠡᠪᠰᠢᠯᠲᠡᠲᠦ ᠲᠧᠻᠨᠤᠯᠤᢉᠢ ᠶ᠋ᠢ ᠨᠡᠪᠲᠡᠷᠡᢉᠦᠯᢈᠦ; ᠮᠣᠩᠭᠣᠯ ᠤᠯᠤᠰ ᠲᠤ ᠡᠮᠨᠡᠯᢉᠡ ᠶ᠋ᠢᠨ ᠠᠵᠢᠯᠲᠠᠨ ᠢ᠋ ᠮᠡᠷᢉᠡᠰᠢᢉᠦᠯᢈᠦ ᠰᠤᠷᠭᠠᠯᠲᠠ ᠶ᠋ᠢ ᠵᠢᠱᠢᢉ ᠵᠠᠭᠪᠤᠷ ᠪᠣᠯᠭᠠᠨ ᢈᠥᢉᠵᠢᢉᠦᠯᢈᠦ ᠵᠣᠷᠢᠯᠭ᠎ᠠ ᠲᠠᠢ᠃