Хаах

ᠪᠠᠭᠰᠢᠯᠠᠬᠤ ᠡᠷᢈᠡ ᠶ᠋ᠢᠨ ᢉᠡᠷᠡᠴᠢᠯᠡᢉᠡ ᠣᠯᠭᠤᠬᠤ ᠵᠢᠷᠤᠮ ᠢ᠋ ᠪᠠᠲᠤᠯᠠᠯ ᠠ

A- A A+
ᠪᠠᠭᠰᠢᠯᠠᠬᠤ ᠡᠷᢈᠡ ᠶ᠋ᠢᠨ ᢉᠡᠷᠡᠴᠢᠯᠡᢉᠡ ᠣᠯᠭᠤᠬᠤ ᠵᠢᠷᠤᠮ ᠢ᠋ ᠪᠠᠲᠤᠯᠠᠯ ᠠ

ᠪᠠᠭᠰᠢᠯᠠᠬᠤ ᠡᠷᢈᠡ ᠶ᠋ᠢᠨ ᢉᠡᠷᠡᠴᠢᠯᠡᢉᠡ ᠣᠯᠭᠤᠬᠤ ᠪᠣᠯᠤᠨ ᠡᢉᠦᠨ ᠲᠡᠢ ᠬᠣᠯᠪᠤᠭᠳᠠᠬᠤ ᠦᠢᠯᠡ ᠠᠵᠢᠯᠯᠠᠭᠠᠨ ᠤ᠋ ᠵᠢᠷᠤᠮ ᠢ᠋ ᠬᠠᠤᠯᠢ ᠵᠦᠢ᠂ ᠳᠣᠲᠤᠭᠠᠳᠤ ᢈᠡᠷᠡᢉ ᠦ᠋ᠨ ᠶᠠᠮᠤᠨ ᠵᠠᢈᠢᠷᠭᠠᠨ ᠤ᠋ ᢈᠡᠮ ᢈᠡᠮᠵᠢᠶᠡᠨ ᠦ᠋ ᠠᠻᠲ ᠲᠤ ᠪᠦᠷᠢᠳᢈᠡᠵᠦ᠂ ᠡᠴᠦᠰᠯᠡᠨ ᠪᠠᠲᠤᠯᠠᠭᠳᠠᠯ ᠠ᠃ ᠡᠨᠡ ᢈᠦ ᠵᠢᠷᠤᠮ ᠪᠠᠲᠤᠯᠠᠭᠳᠠᠭᠰᠠᠨ ᠢ᠋ᠶᠠᠷ ᠭᠠᠳᠠᠭᠠᠳᠤ᠂ ᠳᠣᠲᠤᠭᠠᠳᠤ ᠶ᠋ᠢᠨ ᠶᠡᢈᠡ᠂ ᠳᠡᢉᠡᠳᠦ ᠰᠤᠷᠭᠠᠭᠤᠯᠢ ᠶ᠋ᠢ ᠠᠮᠵᠢᠯᠲᠠ ᠲᠠᠢ ᠲᠡᢉᠦᠰᠦᢉᠰᠡᠨ ᠵᠠᠯᠠᠭᠤᠴᠤᠤᠯ ᠢ᠋ ᠪᠣᠭᠤᠨᠢ ᠬᠤᠭᠤᠴᠠᠭᠠᠨ ᠤ᠋ ᠰᠤᠷᠭᠠᠯᠲᠠ ᠳ᠋ᠤ ᠬᠠᠮᠤᠷᠤᠭᠤᠯᠤᠨ ᠪᠠᠭᠰᠢᠯᠠᠬᠤ ᠡᠷᢈᠡ ᠣᠯᠭᠤᠬᠤ ᠵᠠᠮ ᠢ᠋ᠶᠠᠷ ᠴᠢᠳᠠᠪᠤᠷᠢᠯᠢᠭ ᠪᠣᠯᠪᠠᠰᠤᠨ ᢈᠦᠴᠦᠨ᠂ ᢈᠦᠮᠦᠨ ᠦ᠋ ᠨᠥᢉᠡᠴᠡ ᠪᠣᠯᠪᠠᠰᠤᠷᠠᠯ ᠤ᠋ᠨ ᠰᠠᠯᠪᠤᠷᠢ ᠳ᠋ᠤ ᠠᠵᠢᠯᠯᠠᠬᠤ ᠪᠣᠯᠤᠮᠵᠢ ᠶ᠋ᠢ ᠪᠦᠷᠢᠳᠦᢉᠦᠯᠵᠦ᠂ ᠪᠠᠭᠰᠢ ᠶ᠋ᠢᠨ ᠬᠣᠮᠰᠠᠳᠠᠯ ᠢ᠋ ᠰᠢᠶᠳᢈᠦ ᠪᠣᠯᠤᠮᠵᠢ ᠲᠠᠢ᠃

  • ᠮᠠᠲ᠋ᠧᠮᠠᠲ᠋ᠢᠭ ᠪᠣᠯᠤᠨ ᠪᠠᠶᠢᠭᠠᠯᠢ ᠶ᠋ᠢᠨ ᠰᠢᠨᠵᠢᠯᠡᢈᠦ ᠤᠬᠠᠭᠠᠨ᠂ ᠠᠨᠠᠭᠠᠬᠤ ᠤᠬᠠᠭᠠᠨ᠂ ᠮᠡᠳᠡᢉᠡᠯᠡᠯ ᠬᠠᠷᠢᠯᠴᠠᠭ᠎ᠠ᠂ ᠲᠧᠻᠨᠣᠯᠣᢉᠢ᠂ ᠬᠠᠤᠯᠢ᠂ ᠪᠢᠽᠢᠨᠧᠰ᠂ ᠡᠳ᠋ ᠦ᠋ᠨ ᠵᠠᠰᠠᠭ᠂ ᠤᠷᠠᠯᠢᠭ᠂ ᠠᠩᢉᠯᠢ ᢈᠡᠯᠡᠨ ᠦ᠋ ᠴᠢᢉᠯᠡᠯ ᠢ᠋ᠶᠡᠷ ᠳᠡᢉᠡᠳᠦ ᠪᠣᠯᠪᠠᠰᠤᠷᠠᠯ ᠤ᠋ᠨ ᠰᠤᠷᠭᠠᠯᠲᠠ ᠶ᠋ᠢᠨ ᠪᠠᠶᠢᠭᠤᠯᠤᠯᠭ᠎ᠠ ᠶ᠋ᠢ ᠒᠂᠗ ᠠ᠋ᠴᠠ ᠳᠣᠭᠤᠭᠰᠢ ᠦᢉᠡᠢ ᠭᠣᠣᠯᠴᠢ ᠳ᠋ᠦᠩ ᠲᠡᠢ ᠲᠡᢉᠦᠰᠦᢉᠰᠡᠨ᠂ ᠪᠠᠻᠠᠯᠠᠸᠷ ᠠ᠋ᠴᠠ ᠳᠣᠭᠤᠭᠰᠢ ᠦᢉᠡᠢ ᠵᠡᠷᢉᠡ ᠲᠡᠢ ᠢᠷᢉᠡᠨ;
  • ᠳᠡᢉᠡᠷᠡᢈᠢ ᠴᠢᢉᠯᠡᠯ ᠦ᠋ᠳ ᠢ᠋ᠶᠡᠷ ᠮᠠᠭᠠᠳᠯᠠᠨ ᠢᠲᠡᢉᠡᠮᠵᠢᠯᠡᢉᠳᠡᢉᠰᠡᠨ ᠳᠡᢉᠡᠳᠦ ᠪᠣᠯᠪᠠᠰᠤᠷᠠᠯ ᠤ᠋ᠨ ᠰᠤᠷᠭᠠᠯᠲᠠ ᠶ᠋ᠢᠨ ᠪᠠᠶᠢᠭᠤᠯᠤᠯᠭ᠎ᠠ ᠳ᠋ᠤ ᠒᠂᠗ ᠠ᠋ᠴᠠ ᠳᠣᠭᠤᠭᠰᠢ ᠦᢉᠡᠢ ᠭᠣᠣᠯᠴᠢ ᠣᠨᠤᠭ᠎ᠠ ᠲᠠᠢ ᠰᠤᠷᠤᠯᠴᠠᠵᠤ ᠪᠠᠶᠢᠭ᠎ᠠ ᠓᠂ ᠔ ᠳ᠋ᠤᠭᠡᠷ ᠲᠦᠪᠰᠢᠨ ᠦ᠋ ᠣᠶᠤᠲᠠᠨ ᠨᠤᠭᠤᠳ ᠲᠠ ᠪᠦᢈᠦᠨ ᠢ᠋ ᠪᠠᠭᠰᠢᠯᠠᠬᠤ ᠡᠷᢈᠡ ᠣᠯᠭᠤᠬᠤ ᠰᠤᠷᠭᠠᠯᠲᠠ ᠳ᠋ᠤ ᠬᠠᠮᠤᠷᠤᠭᠳᠠᠬᠤ ᠶ᠋ᠢ ᠤᠷᠢᠵᠤ ᠪᠠᠶᠢᠨ᠎ᠠ᠃

ᠴᠡᠴᠡᠷᠯᠢᢉ ᠪᠣᠯᠤᠨ ᠶᠧᠪᠰ ᠲᠦ ᠠᠵᠢᠯᠯᠠᠬᠤ ᢈᠦᠰᠡᠯ ᠲᠡᠢ ᠢᠷᢉᠡᠨ ᠳ᠋ᠦ ᠵᠣᠷᠢᠭᠤᠯᠤᠭᠰᠠᠨ ᠪᠠᠭᠰᠢᠯᠠᠬᠤ ᠡᠷᢈᠡ ᠣᠯᠭᠠᠬᠤ ᠰᠤᠷᠭᠠᠯᠲᠠ ᠶ᠋ᠢ ᠪᠠᠭᠰᠢ ᠪᠡᠯᠡᠳᢈᠡᠳᠡᢉ ᠶᠡᢈᠡ᠂ ᠳᠡᢉᠡᠳᠦ ᠰᠤᠷᠭᠠᠭᠤᠯᠢ ᠳ᠋ᠤ ᠲᠦᠰᠢᢉᠯᠡᠨ᠂ ᠮᠡᠷᢉᠡᠵᠢᠯ ᠦ᠋ᠨ ᠪᠠᠶᠢᠭᠤᠯᠤᠯᠭ᠎ᠠ ᠲᠠᠢ ᠬᠠᠮᠲᠤᠷᠠᠵᠤ ᠵᠣᢈᠢᠶᠠᠨ ᠪᠠᠶᠢᠭᠤᠯᠤᠨ᠎ᠠ᠃ ᠮᠡᠷᢉᠡᠵᠢᠯ ᠦ᠋ᠨ ᠪᠣᠯᠪᠠᠰᠤᠷᠠᠯ ᠤ᠋ᠨ ᠰᠤᠷᠭᠠᠭᠤᠯᠢ᠂ ᠫᠣᠯᠢᠲ᠋ᠧᢉᠨᠢᢉ ᠻᠣᠯᠯᠧᠵᠢ ᠳ᠋ᠤ ᠪᠠᠭᠰᠢᠯᠠᠬᠤ ᢈᠦᠰᠡᠯ ᠲᠡᠢ ᠢᠷᢉᠡᠨ ᠦ᠋ ᠬᠤᠪᠢ ᠳ᠋ᠤ ᠴᠢᠳᠠᠮᠵᠢ ᠳ᠋ᠤ ᠰᠠᠭᠤᠷᠢᠯᠠᠭᠰᠠᠨ ᠰᠤᠷᠭᠠᠯᠲᠠ ᠳ᠋ᠤ ᠬᠠᠮᠤᠷᠤᠭᠳᠠᠵᠤ᠂ ᠠᠮᠵᠢᠯᠲᠠᠲᠠᠢ ᠲᠡᢉᠦᠰᠦᢉᠰᠡᠨ ᠢ᠋ᠶᠡᠷ ᠪᠠᠭᠰᠢᠯᠠᠬᠤ ᠡᠷᢈᠡ ᠶ᠋ᠢᠨ ᢉᠡᠷᠡᠴᠢᠯᠡᢉᠡ ᠠᠪᠤᠨ᠎ᠠ᠃

ᠪᠠᠭᠰᠢᠯᠠᠬᠤ ᠡᠷᢈᠡ ᠣᠯᠭᠤᠬᠤ ᠰᠤᠷᠭᠠᠯᠲᠠ ᠶ᠋ᠢᠨ ᠪᠠᠭᠰᠢ ᠨᠢ ᠵᠢᠷᠤᠮ ᠳ᠋ᠤ ᠵᠢᠭᠠᠭᠰᠠᠨ ᠤ᠋ ᠳᠠᠭᠠᠭᠤ ᠪᠣᠯᠪᠠᠰᠤᠷᠠᠯ ᠤ᠋ᠨ ᠰᠤᠷᠭᠠᠯᠲᠠ ᠶ᠋ᠢᠨ ᠪᠠᠶᠢᠭᠤᠯᠤᠯᠭ᠎ᠠ ᠳ᠋ᠤ ᠑᠐ ᠠ᠋ᠴᠠ ᠳᠣᠭᠤᠭᠰᠢ ᠦᢉᠡᠢ ᠵᠢᠯ ᠠᠵᠢᠯᠯᠠᠭᠰᠠᠨ ᠲᠤᠷᠰᠢᠯᠭᠠᠲᠠᠢ᠂ ᠪᠠᠭᠰᠢ ᠮᠡᠷᢉᠡᠵᠢᠯ ᠲᠡᠢ ᠪᠠᠶᠢᠨ᠎ᠠ᠃