Хаах

ᠠᠩᢉᠯᠢ ᢈᠡᠯᠡᠨ ᠦ᠋ ᠪᠠᠭᠰᠢ ᠪᠡᠯᠡᠳᢈᠡᢈᠦ ᠳ᠋ᠦ ᠻᠠᠨᠠᠳᠠ ᠤᠯᠤᠰ ᠲᠠᠢ ᠬᠠᠮᠲᠤᠷᠠᠨ᠎ᠠ

A- A A+
ᠠᠩᢉᠯᠢ ᢈᠡᠯᠡᠨ ᠦ᠋ ᠪᠠᠭᠰᠢ ᠪᠡᠯᠡᠳᢈᠡᢈᠦ ᠳ᠋ᠦ ᠻᠠᠨᠠᠳᠠ ᠤᠯᠤᠰ ᠲᠠᠢ ᠬᠠᠮᠲᠤᠷᠠᠨ᠎ᠠ

ᠪᠣᠯᠪᠠᠰᠤᠷᠠᠯ ᠤ᠋ᠨ ᠰᠠᠶᠢᠳ ᠫᠦ᠊᠂ ᠨᠠᠷᠠᠨᠪᠠᠶᠠᠷ ᠵᠥᠪᠯᠡᢈᠦ ᠳ᠊᠂ ᠭᠠᠩᠲᠤᠯᠭ᠎ᠠ ᠶ᠋ᠢᠨ ᠬᠠᠮᠲᠤ ᠻᠠᠨᠠᠳᠠ ᠤᠯᠤᠰ ᠠ᠋ᠴᠠ ᠮᠣᠩᠭᠤᠯ ᠤᠯᠤᠰ ᠲᠤ ᠰᠠᠭᠤᠭ᠎ᠠ ᠣᠨᠴᠠ ᠪᠥᢉᠡᠳ ᠪᠦᠷᠢᠨ ᠡᠷᢈᠡᠲᠦ ᠡᠯᠴᠢᠨ ᠰᠠᠶᠢᠳ ᠰᠠᠨ᠋ᠳ᠋ᠷᠠ ᠱᠤᠹᠠᠨᠢᠭ ᢈᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠶ᠋ᠢᠨ ᠦᠶ᠎ᠡ ᠪᠡᠷ ᠲᠡᠳᢈᠦᠯᢉᠡ᠂ ᠠᠩᢉᠯᠢ ᢈᠡᠯᠡᠨ ᠦ᠋ ᠪᠠᠭᠰᠢ ᠪᠡᠯᠡᠳᢈᠡᢈᠦ ᢈᠥᠲᠦᠯᠪᠦᠷᠢ ᠳ᠋ᠦ ᠬᠠᠮᠲᠤᠷᠠᠨ ᠠᠵᠢᠯᠯᠠᠬᠤ ᠲᠠᠯ᠎ᠠ ᠪᠠᠷ ᠰᠠᠨᠠᠯ ᠰᠣᠯᠢᠯᠴᠠᠪᠠ᠃

ᠮᠣᠩᠭᠤᠯ ᠤᠯᠤᠰ ᠤ᠋ᠨ ᠵᠠᠰᠠᠭ ᠤ᠋ᠨ ᠭᠠᠵᠠᠷ ᠤ᠋ᠨ ᠒᠐᠒᠔᠆᠒᠐᠒᠘ ᠣᠨ ᠤ᠋ ᠦᠶᠢᠯᠡ ᠠᠵᠢᠯᠯᠠᠭᠠᠨ ᠤ᠋ ᢈᠥᠲᠦᠯᠪᠦᠷᠢ ᠳ᠋ᠦ ᠠᠩᢉᠯᠢ ᢈᠡᠯᠡᠨ ᠦ᠋ ᠒᠐᠐᠐ ᠪᠠᠭᠰᠢ ᠶ᠋ᠢ ᠭᠠᠳᠠᠭᠠᠳᠤ ᠶ᠋ᠢᠨ ᠶᠡᢈᠡ ᠰᠤᠷᠭᠠᠭᠤᠯᠢ ᠨᠤᠭᠤᠳ ᠲᠤ ᠪᠡᠯᠡᠳᢈᠡᢈᠦ ᠪᠡᠷ ᠲᠤᠰᠬᠠᠭᠰᠠᠨ᠃ ᠮᠥᠨ ᠪᠣᠯᠪᠠᠰᠤᠷᠠᠯ ᠤ᠋ᠨ ᠶᠠᠮᠤᠨ ᠠ᠋ᠴᠠ ᠶᠡᢈᠡ᠂ ᠳᠡᢉᠡᠳᠦ ᠰᠤᠷᠭᠠᠭᠤᠯᠢ ᠨᠤᠭᠤᠳ ᠤ᠋ᠨ ᠯᠧᠻᠼ ᠦ᠋ᠨ ᠒᠐ ᢈᠦᠷᠲᠡᠯᠡᢈᠢ ᠬᠤᠪᠢ ᠶ᠋ᠢ ᠠᠩᢉᠯᠢ ᢈᠡᠯᠡ ᠪᠡᠷ ᠶᠠᠪᠤᠭᠤᠯᠬᠤ ᠪᠣᠳᠤᠯᠭ᠎ᠠ ᠪᠠᠷᠢᠮᠲᠠᠯᠠᠵᠤ ᠪᠠᠶᠢᠭ᠎ᠠ᠃ ᠡᢉᠦᠨ ᠲᠡᠢ ᠬᠣᠯᠪᠤᠭᠠᠲᠠᠢ ᠪᠠᠷ ᠠᠩᢉᠯᠢ ᢈᠡᠯᠡᠨ ᠦ᠋ ᠪᠠᠭᠰᠢ ᠨᠠᠷ ᠤ᠋ᠨ ᠻᠠᠨᠠᠳᠠ ᠤᠯᠤᠰ ᠲᠤ ᠪᠡᠯᠡᠳᢈᠡᢈᠦ᠂ ᠼᠧᠸᠨᠢᠨ᠋ᢉ᠂ ᠹᠦᠯᠪᠷᠠᠶᠢᠲ ᠤ᠋ᠨ ᠠᠳᠠᠯᠢ ᠮᠣᠩᠭᠣᠯ᠂ ᠻᠠᠨᠠᠳᠠ ᠶ᠋ᠢᠨ ᠬᠠᠮᠲᠤᠷᠠᠭᠰᠠᠨ ᠰᠠᠩᢈᠦᠵᠢᠯᠲᠡ ᠲᠡᠢ ᠲᠡᠳᢈᠦᠯᢉᠡ ᠶ᠋ᠢ ᠪᠤᠢ ᠪᠣᠯᠭᠠᠬᠤ ᠴᠢᢉᠯᠡᠯ ᠢ᠋ᠶᠡᠷ ᠬᠠᠮᠲᠤᠷᠠᠨ ᠠᠵᠢᠯᠯᠠᠬᠤ ᠰᠠᠨᠠᠯ ᠢ᠋ ᠪᠣᠯᠪᠠᠰᠤᠷᠠᠯ ᠤ᠋ᠨ ᠰᠠᠶᠢᠳ ᠫᠦ᠊᠂ ᠨᠠᠷᠠᠨᠪᠠᠶᠠᠷ ᠢᠯᠡᠷᢈᠡᠶᠢᠯᠡᠪᠡ᠃

ᠮᠣᠩᠭᠤᠯ᠂ ᠻᠠᠨᠠᠳᠠ ᠬᠣᠶᠠᠷ ᠤᠯᠤᠰ ᠨᠢ ᠰᠤᠷᠭᠠᠯᠲᠠ ᠶ᠋ᠢᠨ ᠣᠯᠠᠨ ᠲᠦᠪᠰᠢᠨ ᠳ᠋ᠦ ᠬᠠᠮᠲᠤᠷᠠᠨ ᠠᠵᠢᠯᠯᠠᠳᠠᠭ ᠪᠥᢉᠡᠳ ᠰᠤᠷᠭᠠᠭᠤᠯᠢ ᠶ᠋ᠢᠨ ᠡᠮᠦᠨᠡᢈᠢ ᠪᠣᠯᠪᠠᠰᠤᠷᠠᠯ ᠢ᠋ ᠳᠡᠮᠵᠢᢈᠦ ᠴᠢᢉᠯᠡᠯ ᠳ᠋ᠦ ᠶᠡᢈᠡᢈᠡᠨ ᠠᠩᠬᠠᠷᠳᠠᠭ ᠪᠣᠯᠬᠤ ᠶ᠋ᠢ ᠡᠯᠴᠢᠨ ᠰᠠᠶᠢᠳ ᠰᠠᠨ᠋ᠳ᠋ᠷᠠ ᠱᠤᠹᠠᠨᠢᠭ ᠣᠨᠴᠠᠯᠠᠪᠠ᠃ ᠻᠠᠨᠠᠳᠠ ᠠ᠋ᠴᠠ ᢈᠥᢉᠵᠢᠵᠦ ᠪᠤᠢ ᠣᠷᠤᠨ ᠨᠤᠭᠤᠳ ᠤ᠋ᠨ ᠡᠮᠵᠡᢉ ᠪᠦᠯᠦᢉ ᠦ᠋ᠨ ᢈᠡᠦᢈᠡᠳ ᠦ᠋ᠳ ᠲᠦ ᠲᠤᠰᠠᠯᠠᠮᠵᠢ ᠦᠵᠡᢉᠦᠯᢈᠦ ᠵᠣᠷᠢᠯᠭ᠎ᠠ ᠲᠠᠢ《ᠸᠡᠯᠦᠦ ᠰᠠᠩ》/Veloo Fund/ ᠠ᠋ᠴᠠ ᠮᠠᠨ ᠤ᠋ ᠤᠯᠤᠰ ᠤ᠋ᠨ ᢉᠡᠷ ᠬᠣᠷᠢᠶᠠᠯᠠᠯ ᠤ᠋ᠨ ᠪᠦᠰᠡ ᠳ᠋ᠦ ᠬᠣᠶᠠᠷ ᠴᠡᠴᠡᠷᠯᠢᢉ ᠪᠠᠶᠢᠭᠤᠯᠤᠭᠰᠠᠨ ᠨᠢ ᠤᠯᠠᠭᠠᠨᠴᠢᠯᠠᠭᠤᠲᠤ ᠳ᠋ᠠᢈᠢ《ᠨᠠᠷᠠᠨ ᠤ᠋ ᢈᠡᠦᢈᠡᠳ ᠦ᠋ᠳ》᠑᠂ ᠒ ᠳ᠋ᠤᠭᠠᠷ ᠴᠡᠴᠡᠷᠯᠢᢉ ᠶᠤᠮ᠃ ᠲᠤᠰ ᠤᠯᠤᠰ ᠒᠐᠑᠗ ᠣᠨ ᠠ᠋ᠴᠠ ᠡᢈᠢᠯᠡᠨ ᠵᠡᢉᠦᠨ ᠡᠮᠦᠨ᠎ᠡ ᠳ᠋ᠦ ᠠᠽᠢ /ᠠ᠊᠂ ᠰ᠊᠂ ᠧ᠊᠂ ᠠ᠊᠂ ᠨ᠊᠂/ ᠶ᠋ᠢᠨ ᠤᠯᠤᠰ ᠤ᠋ᠳ ᠲᠤ ᠵᠣᠷᠢᠭᠤᠯᠤᠨ “SEED” ᠲᠡᠳᢈᠦᠯᢉᠡ ᠳ᠋ᠦ ᢈᠥᠲᠦᠯᠪᠦᠷᠢ ᠶ᠋ᠢ ᢈᠡᠷᠡᢉᠵᠢᢉᠦᠯᠦᢉᠰᠡᠨ ᠪᠥᢉᠡᠳ ᠡᠨᠡ ᢈᠦ ᢈᠥᠲᠦᠯᠪᠦᠷᠢ ᠳ᠋ᠦ ᠮᠣᠩᠭᠣᠯ ᠤᠯᠤᠰ ᠤ᠋ᠨ ᠣᠶᠤᠲᠠᠨ ᠨᠤᠭᠤᠳ ᠢ᠋ ᠬᠠᠮᠤᠷᠤᠭᠤᠯᠳᠠᠭ ᠪᠣᠯᠬᠤ ᠪᠠᠷ ᠠᠵᠢᠯᠯᠠᠵᠤ ᠪᠤᠢ ᠪᠠᠨ ᠡᠯᠴᠢᠨ ᠰᠠᠶᠢᠳ ᠰᠠᠨ᠋ᠳ᠋ᠷᠠ ᠱᠤᠹᠠᠨᠢᠭ ᢈᠡᠯᠡᠯ᠎ᠡ᠃

ᠬᠣᠶᠠᠷ ᠤᠯᠤᠰ ᠤ᠋ᠨ ᠪᠣᠯᠪᠠᠰᠤᠷᠠᠯ ᠤ᠋ᠨ ᠰᠠᠯᠪᠤᠷᠢ ᠳ᠋ᠠᢈᠢ ᠬᠠᠮᠲᠤ ᠶ᠋ᠢᠨ ᠠᠵᠢᠯᠯᠠᠭ᠎ᠠ ᠰᠡᢉᠦᠯ ᠦ᠋ᠨ ᠵᠢᠯ ᠦ᠋ᠳ ᠲᠦ ᠡᠷᠴᠢᠮ ᠲᠡᠢ ᢈᠥᢉᠵᠢᠵᠦ ᠪᠠᠶᠢᠭ᠎ᠠ ᠪᠠ ᠴᠢᠨᠠᠭᠰᠢᠳᠠ ᠤᠯᠠᠮ ᠥᠷᢉᠡᠵᠢᢉᠦᠯᠦᠨ᠎ᠡ ᢉᠡᠳᠡᢉ ᠢ᠋ᠶᠡᠨ ᠲᠠᠯ᠎ᠠ ᠨᠤᠭᠤᠳ ᠢᠯᠡᠷᢈᠡᠶᠢᠯᠡᠵᠦ᠂ ᠠᠩᢉᠯᠢ ᢈᠡᠯᠡᠨ ᠦ᠋ ᠪᠠᠭᠰᠢ ᠪᠡᠯᠡᠳᢈᠡᢈᠦ ᢈᠥᠲᠦᠯᠪᠦᠷᠢ ᠶ᠋ᠢᠨ ᠲᠠᠯ ᠠ ᠪᠠᠷ ᠮᠡᠳᠡᢉᠡᠯᠡᠯ ᠰᠣᠯᠢᠯᠴᠠᠨ᠂ ᠬᠠᠮᠲᠤᠷᠠᠨ ᠠᠵᠢᠯᠯᠠᠬᠤ ᠪᠠᠷ ᠪᠣᠯᠪᠠ᠃