Хаах

ᠬᠠᠨ ᠆ ᠠᠭᠤᠯᠠ ᠳᠡᢉᠦᠷᢉᠡ ᠳ᠋ᠡᢈᠢ ᠲᠥᠷᠦ ᠶ᠋ᠢᠨ ᠥᠮᠴᠢ ᠶ᠋ᠢᠨ ᠶᠡ᠊᠂ ᠪᠤ᠊᠂ ᠰᠤ᠊᠂ ᠢᠢᠨ ᠵᠠᢈᠢᠷᠤᠯ ᠤ᠋ᠳ ᠲᠠᠢ ᠠᠭᠤᠯᠵᠠᠪᠠ

A- A A+
ᠬᠠᠨ ᠆ ᠠᠭᠤᠯᠠ ᠳᠡᢉᠦᠷᢉᠡ ᠳ᠋ᠡᢈᠢ ᠲᠥᠷᠦ ᠶ᠋ᠢᠨ ᠥᠮᠴᠢ ᠶ᠋ᠢᠨ ᠶᠡ᠊᠂ ᠪᠤ᠊᠂ ᠰᠤ᠊᠂ ᠢᠢᠨ ᠵᠠᢈᠢᠷᠤᠯ ᠤ᠋ᠳ ᠲᠠᠢ ᠠᠭᠤᠯᠵᠠᠪᠠ

ᠪᠣᠯᠪᠠᠰᠤᠷᠠᠯ ᠤ᠋ᠨ ᠰᠠᠶᠢᠳ ᠫᠦ᠊᠂ ᠨᠠᠷᠠᠨᠪᠠᠶᠠᠷ ᠵᠥᠪᠯᠡᢈᠦ ᠳ᠊᠂ ᠭᠠᠩᠲᠤᠯᠭ᠎ᠠ ᠪᠣᠯᠤᠨ ᠠᠵᠢᠯ ᠤ᠋ᠨ ᠠᠯᠪᠠᠨ ᠤ᠋ ᠪᠦᠷᠢᠯᠳᠦᢈᠦᠨ ᠦ᠋ ᠬᠠᠮᠲᠤ ᠪᠠᠷ ᠬᠠᠨ ᠊ ᠠᠭᠤᠯᠠ ᠳᠡᢉᠦᠷᢉᠡ ᠳ᠋ᠡᢈᠢ ᠲᠥᠷᠦ ᠶ᠋ᠢᠨ ᠥᠮᠴᠢ ᠶ᠋ᠢᠨ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠶ᠋ᠢᠨ ᠵᠠᢈᠢᠷᠤᠯ ᠤ᠋ᠳ ᠲᠠᠢ ᠠᠭᠤᠯᠵᠠᠪᠠ᠃ ᠬᠠᠨ ᠆ ᠠᠭᠤᠯᠠ ᠳᠡᢉᠦᠷᢉᠡ ᠳ᠋ᠦ ᠲᠥᠷᠦ ᠶ᠋ᠢᠨ ᠥᠮᠴᠢ ᠶ᠋ᠢᠨ ᠒᠓᠂ ᠲᠥᠷᠦ ᠶ᠋ᠢᠨ ᠪᠤᠰᠤ ᠥᠮᠴᠢ ᠶ᠋ᠢᠨ ᠔᠑ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠳ᠋ᠤ ᠗᠙᠂᠕᠐᠐ ᢈᠡᠦᢈᠡᠳ ᠰᠤᠷᠤᠯᠴᠠᠵᠤ ᠪᠠᠶᠢᠨ᠎ᠠ᠃ 

ᠢᠩᢉᠢᢉᠰᠡᠨ ᠢ᠋ᠶᠡᠷ ᠨᠡᠶᠢᠰᠯᠡᠯ ᠳ᠋ᠡᢈᠢ ᠪᠦᢈᠦ ᠲᠥᠷᠦ ᠶ᠋ᠢᠨ ᠥᠮᠴᠢ ᠶ᠋ᠢᠨ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠶ᠋ᠢᠨ ᠵᠠᢈᠢᠷᠤᠯ ᠤ᠋ᠳ ᠲᠠᠢ ᠠᠭᠤᠯᠵᠠᠵᠤ᠂ ᠪᠣᠯᠪᠠᠰᠤᠷᠠᠯ ᠤ᠋ᠨ ᠶᠠᠮᠤᠨ ᠠ᠋ᠴᠠ ᠪᠠᠷᠢᠮᠲᠠᠯᠠᠵᠤ ᠪᠤᠢ ᠪᠣᠳᠤᠯᠭ᠎ᠠ ᠲᠥᠯᠦᠪᠯᠡᠯᠲᠡ ᠶ᠋ᠢ ᠲᠠᠨᠢᠯᠴᠠᠭᠤᠯᠤᠨ᠂ ᠲᠤᠯᠭᠠᠮᠳᠠᠵᠤ ᠪᠤᠢ ᠠᠰᠠᠭᠤᠳᠠᠯ᠂ ᠰᠠᠨᠠᠯ ᢈᠦᠰᠡᠯᠲᠡ ᠶ᠋ᠢ ᠨᠢ ᢈᠦᠯᠢᠶᠡᠨ ᠠᠪᠤᠯ᠎ᠠ᠃ ᠵᠠᢈᠢᠷᠤᠯ ᠤ᠋ᠳ ᠤ᠋ᠨ ᠵᠦᢉ ᠡᠴᠡ ᠰᠤᠷᠭᠠᠭᠤᠯᠢ ᠪᠣᠯᠤᠨ ᠽᠠᠯ ᠤ᠋ᠨ ᠪᠠᠷᠢᠯᠭ᠎ᠠ ᠨᠤᠭᠤᠳ ᠤ᠋ᠨ ᠨᠠᠰᠤᠵᠢᠯᠲᠠ᠂ ᠣᠷᠴᠢᠨ᠂ ᠰᠤᠷᠭᠠᠭᠤᠯᠢ ᠶ᠋ᠢᠨ ᠣᠷᠤᠨ ᠲᠣᠭᠠᠨ ᠤ᠋ ᠨᠣᠷᠮᠠᠲ᠋ᠢᠸ᠂ ᠪᠠᠭᠰᠢ᠂ ᠠᠵᠢᠯᠲᠠᠨ ᠨᠤᠭᠤᠳ ᠤ᠋ᠨ ᠴᠠᠯᠢᠩ᠂ ᠲᠥᠷᠦ ᠶ᠋ᠢᠨ ᠬᠤᠳᠠᠯᠳᠤᠨ ᠠᠪᠬᠤ ᠠᠵᠢᠯᠯᠠᠭᠠᠨ ᠤ᠋ ᠴᠠᢈᠢᠮ ᠳᠡᠯᢉᠡᢉᠦᠷ ᠵᠡᠷᢉᠡ ᠠᠰᠠᠭᠤᠳᠠᠯ ᠢ᠋ ᢈᠥᠨᠳᠡᠨ᠂ ᠰᠠᠨᠠᠯ ᢈᠦᠰᠡᠯᠲᠡ ᠪᠡᠨ ᠢᠯᠡᠷᢈᠡᠶᠢᠯᠡᢉᠰᠡᠨ᠃ ᠪᠦᢈᠦ ᠰᠠᠨᠠᠯ ᢈᠦᠰᠡᠯᠲᠡ ᠳ᠋ᠦ ᠬᠠᠷᠢᠭᠤ ᠥᢉᠴᠦ᠂ ᠰᠢᠢᠳᠪᠦᠷᠢᠯᠡᢈᠦ ᠪᠡᠷ ᠠᠵᠢᠯᠯᠠᠨ᠎ᠠ ᢉᠡᠳᠡᢉ ᠢ᠋ ᠪᠣᠯᠪᠠᠰᠤᠷᠠᠯ ᠤ᠋ᠨ ᠰᠠᠶᠢᠳ ᠫᠦ᠊᠂ ᠨᠠᠷᠠᠨᠪᠠᠶᠠᠷ ᠪᠣᠯᠤᠨ ᠪᠣᠯᠪᠠᠰᠤᠷᠠᠯ ᠤ᠋ᠨ ᠰᠠᠶᠢᠳ ᠤ᠋ᠨ ᠵᠥᠪᠯᠡᢈᠦ ᠳ᠊᠂ ᠭᠠᠩᠲᠤᠯᠭ᠎ᠠ ᠨᠠᠷ ᠣᠨᠴᠠᠯᠠᠨ ᢈᠡᠯᠡᢉᠰᠡᠨ ᠶᠤᠮ᠃