Хаах

ᠰᠡᠷᢉᠦᢉᠡᢉᠳᠡᢈᠦ ᠡᠷᠴᠢᠮ ᢈᠦᠴᠦᠨ ᠦ᠋ ᠬᠣᠣᠰᠮᠠᠭ ᠰᠤᠷᠭᠠᠯᠲᠠ ᠶ᠋ᠢᠨ ᢈᠥᠲᠦᠯᠪᠦᠷᠢ ᠶ᠋ᠢ ᠨᠡᠪᠲᠡᠷᠡᢉᠦᠯᢈᠦ ᠲᠥᠰᠦᠯ ᢈᠡᠷᠡᢉᠵᠢᠵᠦ ᠪᠠᠶᠢᠨ᠎ᠠ

A- A A+
ᠰᠡᠷᢉᠦᢉᠡᢉᠳᠡᢈᠦ ᠡᠷᠴᠢᠮ ᢈᠦᠴᠦᠨ ᠦ᠋ ᠬᠣᠣᠰᠮᠠᠭ ᠰᠤᠷᠭᠠᠯᠲᠠ ᠶ᠋ᠢᠨ ᢈᠥᠲᠦᠯᠪᠦᠷᠢ ᠶ᠋ᠢ ᠨᠡᠪᠲᠡᠷᠡᢉᠦᠯᢈᠦ ᠲᠥᠰᠦᠯ ᢈᠡᠷᠡᢉᠵᠢᠵᠦ ᠪᠠᠶᠢᠨ᠎ᠠ

ᠪᠣᠯᠪᠠᠰᠤᠷᠠᠯ ᠤ᠋ᠨ ᠶᠠᠮᠤᠨ᠂ ᢉᠧᠷᠮᠠᠨ ᠤ᠋ ᠣᠯᠠᠨ ᠤᠯᠤᠰ ᠤ᠋ᠨ ᠬᠠᠮᠲᠤ ᠶ᠋ᠢᠨ ᠠᠵᠢᠯᠯᠠᠭᠠᠨ ᠤ᠋ ᠨᠡᠶᠢᢉᠡᠮᠯᠢᢉ /GIZ/ ᠡᠴᠡ ᠬᠠᠮᠲᠤᠷᠠᠨ ᢈᠡᠷᠡᢉᠵᠢᢉᠦᠯᠵᠦ ᠪᠤᠢ《ᠲᠦᠩᠰᠢᠯᠡᠯ ᠳ᠋ᠦ ᠰᠠᠭᠤᠷᠢᠯᠠᠭᠰᠠᠨ ᠲᠧᢈᠨᠢᢉ ᠦ᠋ᠨ ᠪᠣᠯᠤᠨ ᠮᠡᠷᢉᠡᠵᠢᠯ ᠦ᠋ᠨ ᠪᠣᠯᠪᠠᠰᠤᠷᠠᠯ᠂ ᠰᠤᠷᠭᠠᠯᠲᠠ II》ᠲᠥᠰᠦᠯ ᠦ᠋ᠨ ᠤᠳᠤᠷᠢᠳᠬᠤ ᠬᠣᠷᠢᠶ᠎ᠠ ᠬᠤᠷᠠᠯᠳᠤᠪᠠ᠃ ᠬᠤᠷᠠᠯ ᠢ᠋ᠶᠠᠷ ᠲᠥᠰᠦᠯ ᠦ᠋ᠨ ᠒᠐᠒᠔ ᠣᠨ ᠤ᠋ ᠦᠢᠯᠡ ᠠᠵᠢᠯᠯᠠᠭᠠᠨ ᠤ᠋ ᠲᠥᠯᠦᠪᠯᠡᢉᠡᠨ ᠦ᠋ ᠥᢉᠡᠷᠡᠴᠢᠯᠡᠯᠲᠡ ᠶ᠋ᠢ ᢈᠡᠯᠡᠯᠴᠡᠵᠦ᠂ ᠰᠠᠶᠢᠵᠢᠷᠠᠭᠤᠯᠬᠤ᠂ ᠠᠩᠬᠠᠷᠬᠤ ᠠᠰᠠᠭᠤᠳᠠᠯ ᠤ᠋ᠨ ᠲᠠᠯ᠎ᠠ ᠪᠠᠷ ᠲᠥᠰᠦᠯ ᢈᠡᠷᠡᢉᠵᠢᢉᠦᠯᠦᢉᠴᠢ ᠨᠢᢉᠡᠴᠡ ᠳ᠋ᠦ ᠵᠥᠪᠯᠡᠮᠵᠢ ᠥᠭᠭᠦᠯ ᠡ᠃

《ᠲᠦᠩᠰᠢᠯᠡᠯ ᠳ᠋ᠦ ᠰᠠᠭᠤᠷᠢᠯᠠᠭᠰᠠᠨ ᠲᠧᢈᠨᠢᢉ ᠦ᠋ᠨ ᠪᠣᠯᠤᠨ ᠮᠡᠷᢉᠡᠵᠢᠯ ᠦ᠋ᠨ ᠪᠣᠯᠪᠠᠰᠤᠷᠠᠯ᠂ ᠰᠤᠷᠭᠠᠯᠲᠠ II》ᠲᠥᠰᠦᠯ ᠦ᠋ᠨ ᠦᠨᠳᠦᠰᠦᠨ ᠵᠣᠷᠢᠯᠲᠠ ᠨᠢ:

ᠮᠡᠷᢉᠡᠵᠢᠯ ᠦ᠋ᠨ ᠪᠣᠯᠤᠨ ᠲᠧᠻᠨᠢᢉ ᠦ᠋ᠨ ᠪᠣᠯᠪᠠᠰᠤᠷᠠᠯ᠂ ᠰᠤᠷᠭᠠᠯᠲᠠ ᠶ᠋ᠢᠨ ᠲᠣᠭᠲᠠᠯᠴᠠᠭᠠᠨ ᠳ᠋ᠤ ᠬᠣᠣᠰᠮᠠᠭ ᠰᠤᠷᠭᠠᠯᠲᠠ ᠶ᠋ᠢ ᠨᠡᠪᠲᠡᠷᠡᢉᠦᠯᢈᠦ ᠳ᠋ᠦ ᠣᠷᠤᠯᠴᠠᠭᠴᠢ ᠲᠠᠯ᠎ᠠ ᠨᠤᠭᠤᠳ ᠢ᠋ ᠴᠢᠳᠠᠪᢈᠢᠵᠢᠭᠤᠯᠬᠤ;
ᢉᠦᠶᠢᠴᠡᠳᢈᠡᠯ ᠳ᠋ᠦ ᠰᠠᠭᠤᠷᠢᠯᠠᠭᠰᠠᠨ ᠰᠠᠩᢈᠦᠵᠢᠯᠲᠡ ᠶ᠋ᠢᠨ ᠮᠧᢈᠠᠨᠢᠰᠮ ᠢ᠋ ᠨᠡᠪᠲᠡᠷᠡᢉᠦᠯᢈᠦ;
ᠵᠧᠨ᠋ᠳᠧᠷ ᠦ᠋ᠨ ᠮᠡᠳᠡᠷᠡᠮᠵᠢ ᠲᠡᠢ ᠰᠤᠷᠭᠠᠯᠲᠠ ᠶ᠋ᠢᠨ ᠣᠷᠴᠢᠨ ᠢ᠋ ᠳᠡᠮᠵᠢᢈᠦ;
ᠰᠡᠷᢉᠦᢉᠡᢉᠳᠡᢈᠦ ᠡᠷᠴᠢᠮ ᢈᠦᠴᠦᠨ ᠦ᠋ ᠬᠣᠣᠰᠮᠠᠭ ᠰᠤᠷᠭᠠᠯᠲᠠ ᠶ᠋ᠢᠨ ᢈᠥᠲᠦᠯᠪᠦᠷᠢ ᠨᠦ᠋ᢉᠦᠳ ᠢ᠋ ᠨᠡᠪᠲᠡᠷᠡᢉᠦᠯᢈᠦ ᠳ᠋ᠦ ᠣᠷᠤᠰᠢᠵᠤ ᠪᠠᠶᠢᠨ᠎ᠠ᠃
ᠤᠭ ᠲᠥᠰᠦᠯ ᠢ᠋ ᠬ᠂ ᠪ᠊᠂ ᠨ᠊᠂ ᠭ᠂ ᠤ᠊᠂ ᠤᠨ ᠡᠳ᠋ ᠦ᠋ᠨ ᠵᠠᠰᠠᠭ ᠤ᠋ᠨ ᠬᠠᠮᠲᠤ ᠶ᠋ᠢᠨ ᠠᠵᠢᠯᠯᠠᠭ᠎ᠠ᠂ ᢈᠥᢉᠵᠢᠯ ᠦ᠋ᠨ ᠶᠠᠮᠤᠨ᠂ ᠠᠦ᠋ᠰᠲ᠋ᠷᠠᠯᠢ ᠶ᠋ᠢᠨ ᠵᠠᠰᠠᠭ ᠤ᠋ᠨ ᠭᠠᠵᠠᠷ ᠤ᠋ᠨ ᠪᠤᠴᠠᠯᠲᠠ ᠦᢉᠡᠢ ᠲᠤᠰᠠᠯᠠᠮᠵᠢ ᠪᠠᠷ ᠒᠐᠒᠖ ᠣᠨ ᠤ᠋ ᠖ ᠰᠠᠷ᠎ᠠ ᠶ᠋ᠢ ᠳᠠᠭᠤᠰᠲᠠᠯ᠎ᠠ ᢈᠡᠷᠡᢉᠵᠢᢉᠦᠯᢈᠦ ᠶᠤᠮ᠃