Хаах

ᠪᠠᠭᠰᠢ ᠶ᠋ᠢᠨ ᠴᠠᠯᠢᠩ ᠬᠠᠩᠭᠠᠮᠵᠢ ᠶ᠋ᠢ ᠨᠡᠮᠡᢉᠳᠡᢉᠦᠯᢈᠦ ᠰᠠᠨᠠᠯ ᠢ᠋ ᠳᠡᠮᠵᠢᠵᠦ᠂ ᠠᠩᠬᠠᠷᠴᠤ ᠠᠵᠢᠯᠯᠠᠨ᠎ᠠ

A- A A+
ᠪᠠᠭᠰᠢ ᠶ᠋ᠢᠨ ᠴᠠᠯᠢᠩ ᠬᠠᠩᠭᠠᠮᠵᠢ ᠶ᠋ᠢ ᠨᠡᠮᠡᢉᠳᠡᢉᠦᠯᢈᠦ ᠰᠠᠨᠠᠯ ᠢ᠋ ᠳᠡᠮᠵᠢᠵᠦ᠂ ᠠᠩᠬᠠᠷᠴᠤ ᠠᠵᠢᠯᠯᠠᠨ᠎ᠠ

ᠪᠣᠯᠪᠠᠰᠤᠷᠠᠯ ᠤ᠋ᠨ ᠰᠠᠶᠢᠳ ᠫᠦ᠊᠂ ᠨᠠᠷᠠᠨᠪᠠᠶᠠᠷ ᠪᠣᠯᠪᠠᠰᠤᠷᠠᠯ ᠤ᠋ᠨ ᠰᠠᠶᠢᠳ ᠤ᠋ᠨ ᠵᠥᠪᠯᠡᢈᠦ ᠳ᠊᠂ ᠭᠠᠩᠲᠤᠯᠭ᠎ᠠ ᠶ᠋ᠢᠨ ᠬᠠᠮᠲᠤ ᠮᠣᠩᠭᠣᠯ ᠤ᠋ᠨ ᠪᠣᠯᠪᠠᠰᠤᠷᠠᠯ᠂ ᠰᠢᠨᠵᠢᠯᠡᢈᠦ ᠤᠬᠠᠭᠠᠨ ᠤ᠋ ᠦᠶᠢᠯᠡᠳᠪᠦᠷᠢᠴᠢᠨ ᠦ᠋ ᠡᠪᠯᠡᠯ ᠦ᠋ᠨ ᠬᠣᠯᠪᠤᠭᠠᠨ ᠤ᠋ ᠳᠠᠷᠤᠭ᠎ᠠ ᠵ᠊᠂ ᠴᠣᠭᠲᠤᢉᠡᠷᠡᠯ᠂ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠬᠠᠷᠢᠭᠤᠴᠠᠭᠰᠠᠨ ᠮᠡᠷᢉᠡᠵᠢᠯᠲᠡᠨ ᠪ᠊᠂ ᠭᠠᠯᠪᠠᠳᠠᠷᠠᠬᠤ ᠨᠠᠷ ᠢ ᢈᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠪᠠᠷ ᠪᠠᠭᠰᠢ ᠶ᠋ᠢᠨ ᠴᠠᠯᠢᠩ ᠬᠠᠩᠭᠠᠮᠵᠢ ᠶ᠋ᠢ ᠨᠡᠮᠡᢉᠳᠡᢉᠦᠯᢈᠦ ᠳ᠋ᠦ ᠬᠠᠮᠲᠤᠷᠠᠨ ᠠᠵᠢᠯᠯᠠᠬᠤ ᠲᠠᠯ᠎ᠠ ᠪᠠᠷ ᠶᠠᠷᠢᠯᠴᠠᠪᠠ᠃

ᠪᠣᠯᠪᠠᠰᠤᠷᠠᠯ ᠤ᠋ᠨ ᠶᠠᠮᠤᠨ᠂ ᠮᠣᠩᠭᠣᠯ ᠤ᠋ᠨ ᠪᠣᠯᠪᠠᠰᠤᠷᠠᠯ᠂ ᠰᠢᠨᠵᠢᠯᠡᢈᠦ ᠤᠬᠠᠭᠠᠨ ᠤ᠋ ᠦᠶᠢᠯᠡᠳᠪᠦᠷᠢᠴᠢᠨ ᠦ᠋ ᠡᠪᠯᠡᠯ ᠦ᠋ᠨ ᠬᠣᠯᠪᠤᠭ᠎ᠠ ᠬᠣᠭᠤᠷᠤᠨᠳᠤ ᠶ᠋ᠢᠨ ᠒᠐᠒᠔᠆᠒᠐᠒᠖ ᠣᠨ ᠤ᠋ ᢈᠡᠯᠡᠯᠴᠡᢉᠡᠷ ᠦ᠋ᠨ ᠳᠠᠭᠠᠭᠤ ᠬᠣᠶᠠᠷ ᠪᠠᠶᠢᠭᠤᠯᠤᠯᠭ᠎ᠠ ᠪᠠᠭᠰᠢ᠂ ᠠᠵᠢᠯᠲᠠᠨ ᠤ᠋ ᠨᠡᠶᠢᢉᠡᠮ ᠦ᠋ᠨ ᠪᠠᠲᠤᠯᠠᠭ᠎ᠠ ᠶ᠋ᠢ ᠰᠠᠶᠢᠵᠢᠷᠠᠭᠤᠯᠬᠤ᠂ ᠴᠠᠯᠢᠩ ᢈᠥᠯᠦᠰᠦ ᠶ᠋ᠢ ᠨᠡᠮᠡᢉᠳᠡᢉᠦᠯᢈᠦ᠂ ᠲᠣᠭᠲᠠᠭᠠᠯ ᠰᠢᠶᠳᠪᠦᠷᠢ ᠭᠠᠷᠭᠠᠬᠤ ᠳ᠋ᠤ ᠬᠠᠮᠲᠤᠷᠠᠨ ᠠᠵᠢᠯᠯᠠᠳᠠᠭ᠃ ᠵᠠᠰᠠᠭ ᠤ᠋ᠨ ᠭᠠᠵᠠᠷ ᠤ᠋ᠨ ᠒᠐᠒᠔᠆᠒᠐᠒᠘ ᠣᠨ ᠤ᠋ ᠦᠶᠢᠯᠡ ᠠᠵᠢᠯᠯᠠᠭᠠᠨ ᠤ᠋ ᢈᠥᠲᠦᠯᠪᠦᠷᠢ ᠳ᠋ᠦ ᠲᠥᠷᠦ ᠶ᠋ᠢᠨ ᠠᠯᠪᠠᠨ ᠬᠠᠭᠠᠭᠴᠢᠳ ᠤ᠋ᠨ ᠴᠠᠯᠢᠩ ᠢ᠋ ᠦᠶ᠎ᠡ ᠱᠠᠲᠤ ᠲᠠᠢ ᠪᠠᠷ ᠨᠡᠮᠡᢉᠳᠡᢉᠦᠯᢈᠦ ᠵᠣᠷᠢᠯᠲᠠ ᠶ᠋ᠢ ᠲᠤᠰᠬᠠᠭᠰᠠᠨ᠃ ᠡᠨᠡ ᠵᠣᠷᠢᠯᠲᠠ ᠠ᠋ᠴᠠ ᠭᠠᠳᠠᠨ᠎ᠠ ᠪᠤᠰᠤᠳ ᠪᠣᠯᠤᠮᠵᠢ ᠪᠠᠷ ᠪᠠᠭᠰᠢ ᠶ᠋ᠢᠨ ᠴᠠᠯᠢᠩ ᠢ᠋ ᠥᠰᢈᠡᢈᠦ ᠲᠤᠬᠠᠢ ᠮᠣᠩᠭᠣᠯ ᠤ᠋ᠨ ᠪᠣᠯᠪᠠᠰᠤᠷᠠᠯ᠂ ᠰᠢᠨᠵᠢᠯᠡᢈᠦ ᠤᠬᠠᠭᠠᠨ ᠤ᠋ ᠦᠶᠢᠯᠡᠳᠪᠦᠷᠢᠴᠢᠨ ᠦ᠋ ᠡᠪᠯᠡᠯ ᠦ᠋ᠨ ᠬᠣᠯᠪᠤᠭᠠᠨ ᠤ᠋ ᠰᠠᠨᠠᠯ ᠢ᠋ ᠪᠣᠯᠪᠠᠰᠤᠷᠠᠯ ᠤ᠋ᠨ ᠶᠠᠮᠤᠨ ᠳᠡᠮᠵᠢᠵᠦ᠂ ᠬᠠᠮᠲᠤᠷᠠᠨ ᠠᠵᠢᠯᠯᠠᠬᠤ ᠪᠠᠨ ᠢᠯᠡᠷᢈᠡᠶᠢᠯᠡᠯ᠎ᠡ᠃

ᢉᠡᠷᠡᠲᠦ ᠪᠠᠭᠰᠢ ᠠᠵᠢᠯᠯᠠᠭᠤᠯᠬᠤ᠂ ᠪᠠᠭᠰᠢᠯᠠᠬᠤ ᠡᠷᢈᠡ ᠣᠯᠭᠤᠬᠤ ᠵᠢᠷᠤᠮ ᠨᠢ ᠪᠠᠭᠰᠢ ᠶ᠋ᠢᠨ ᠬᠣᠮᠰᠠᠳᠠᠯ ᠢ᠋ ᠠᠷᠢᠯᠭᠠᠬᠤ ᠳ᠋ᠤ ᠴᠢᠬᠤᠯᠠ ᠠᠴᠢ ᠬᠣᠯᠪᠤᠭᠳᠠᠯ ᠲᠠᠢ ᠠᠷᠭ᠎ᠠ ᢈᠡᠮᠵᠢᠶ᠎ᠡ ᢉᠡᠳᠡᢉ ᠢ᠋ ᠮᠣᠩᠭᠣᠯ ᠤ᠋ᠨ ᠪᠣᠯᠪᠠᠰᠤᠷᠠᠯ᠂ ᠰᠢᠨᠵᠢᠯᠡᢈᠦ ᠤᠬᠠᠭᠠᠨ ᠤ᠋ ᠦᠶᠢᠯᠡᠳᠪᠦᠷᠢᠴᠢᠨ ᠦ᠋ ᠡᠪᠯᠡᠯ ᠦ᠋ᠨ ᠬᠣᠯᠪᠤᠭᠠᠨ ᠤ᠋ ᠲᠥᠯᠦᢉᠡᠯᠡᠯ ᠵ᠊᠂ ᠴᠣᠭᠲᠤᢉᠡᠷᠡᠯ᠂ ᠪ᠊᠂ ᠭᠠᠯᠪᠠᠳᠠᠷᠠᠬᠤ ᠨᠠᠷ ᠳᠤᠷᠠᠳᠪᠠ᠃