ᠪᠣᠯᠪᠠᠰᠤᠷᠠᠯ ᠤ᠋ᠨ ᠰᠠᠶᠢᠳ ᠫᠦ᠊᠂ ᠨᠠᠷᠠᠨᠪᠠᠶᠠᠷ᠂ ᠪᠣᠯᠪᠠᠰᠤᠷᠠᠯ ᠤ᠋ᠨ ᠰᠠᠶᠢᠳ ᠤ᠋ᠨ ᠵᠥᠪᠯᠡᢈᠦ ᠳ᠊᠂ ᠭᠠᠩᠲᠤᠯᠭᠠ ᠨᠠᠷ ᠮᠣᠩᠭᠣᠯ ᠤ᠋ᠨ ᠴᠠᢈᠢᠯᠭᠠᠨ ᠬᠣᠯᠪᠤᠭᠠ᠂ ᠮᠣᠪᠢᠨᠧᠲ᠂ ᠶᠦᠨᠢᠸᠢᠱᠢᠨ ᠻᠣᠮᠫᠠᠨᠢ ᠨᠤᠭᠤᠳ ᠤ᠋ᠨ ᠲᠥᠯᠦᢉᠡᠯᠡᠯ ᠦ᠋ᠳ ᠢ᠋ ᢈᠦᠯᠢᠶᠡᠨ ᠠᠪᠴᠤ ᠠᠭᠤᠯᠵᠠᠨ᠂ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠨᠤᠭᠤᠳ ᠤ᠋ᠨ ᠢᠨ᠋ᠲ᠋ᠧᠷᠨᠧᠲ ᠦ᠋ᠨ ᠣᠷᠴᠢᠨ᠂ ᠤᠷᠤᠰᠬᠠᠯ ᠢ᠋ ᠰᠠᠶᠢᠵᠢᠷᠠᠭᠤᠯᠬᠤ᠂ ᠨᠢᢉᠡᠳᠦᢉᠰᠡᠨ ᠰᠢᠰᠲ᠋ᠧᠮ ᠨᠡᠪᠲᠡᠷᠡᢉᠦᠯᢈᠦ ᠲᠥᠰᠦᠯ ᠦ᠋ᠨ ᠲᠠᠯᠠ ᠪᠠᠷ ᠶᠠᠷᠢᠯᠴᠠᠯᠠ᠃
Eduten᠂ Pearson ᠵᠡᠷᢉᠡ ᠴᠠᢈᠢᠮ ᠰᠤᠷᠭᠠᠯᠲᠠ ᠶ᠋ᠢᠨ ᠫᠯᠠᠲ᠋ᠹᠣᠷᠮ ᠤ᠋ᠳ ᠤ᠋ᠨ ᢈᠡᠷᠡᢉᠯᠡᢉᠡ ᠶ᠋ᠢ ᠰᠠᠶᠢᠵᠢᠷᠠᠭᠤᠯᠬᠤ᠂ ᠰᠠᠭᠠᠳ ᠦᢉᠡᠢ ᠠᠰᠢᠭᠯᠠᠬᠤ ᠨᠥᢈᠦᠴᠡᠯ ᠢ᠋ ᠪᠦᠷᠢᠳᠦᢉᠦᠯᢈᠦ ᠵᠣᠷᠢᠯᠭᠠ ᠪᠠᠷ ᠪᠣᠯᠪᠠᠰᠤᠷᠠᠯ ᠤ᠋ᠨ ᠶᠠᠮᠤᠨ ᠪᠣᠯᠤᠨ ᠳᠡᢉᠡᠷᠡᢈᠢ ᠭᠤᠷᠪᠠᠨ ᠻᠣᠮᠫᠠᠨᠢ ᠬᠠᠮᠲᠤᠷᠠᠨ ᠥᠩᢉᠡᠷᠡᢉᠰᠡᠨ ᠣᠨ ᠤ᠋ ᠙ ᠳ᠋ᠤᠭᠡᠷ ᠰᠠᠷᠠ ᠠ᠋ᠴᠠ ᠲᠥᠷᠦ ᠶ᠋ᠢᠨ ᠥᠮᠴᠢ ᠶ᠋ᠢᠨ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠨᠤᠭᠤᠳ ᠲᠤ ᠤᠲᠠᠰᠤ ᠦᢉᠡᠢ ᠢᠨ᠋ᠲ᠋ᠧᠷᠨᠧᠲ ᠦ᠋ᠨ ᠳᠡᠳ᠋ ᠪᠦᠲᠦᠴᠡ ᠶ᠋ᠢ ᠤᠭᠰᠠᠷᠠᠬᠤ ᠲᠥᠰᠦᠯ ᠢ᠋ ᢈᠡᠷᠡᢉᠵᠢᢉᠦᠯᠵᠦ ᠡᢈᠢᠯᠡᢉᠰᠡᠨ᠃ ᠤᠯᠤᠰ ᠤ᠋ᠨ ᢈᠡᠮᠵᠢᠶᠡᠨ ᠳ᠋ᠦ ᠨᠡᠶᠢᠲᠡ ᠖᠘᠕ ᠰᠤᠷᠭᠠᠭᠤᠯᠢ ᠶ᠋ᠢ ᠬᠠᠮᠤᠷᠤᠭᠤᠯᠬᠤ ᠪᠠᠷ ᠲᠥᠯᠦᠪᠯᠡᢉᠰᠡᠨ ᠡᠴᠡ ᠣᠳᠤ ᠶ᠋ᠢᠨ ᠪᠠᠶᠢᠳᠠᠯ ᠢ᠋ᠶᠠᠷ ᠕᠓᠒ ᠲᠤ ᠨᠢ ᠤᠲᠠᠰᠤ ᠦᢉᠡᠢ ᠢᠨ᠋ᠲ᠋ᠧᠷᠨᠧᠲ ᠰᠠᠭᠤᠷᠢᠯᠠᠭᠤᠯᠤᠭᠰᠠᠨ ᠪᠠ ᠲᠥᠰᠦᠯ ᠗᠘ ᠬᠤᠪᠢ ᠲᠠᠢ ᠦᠷᢉᠦᠯᠵᠢᠯᠡᠵᠦ ᠪᠠᠶᠢᠨᠠ᠃ ᠲᠥᠰᠦᠯ ᠦ᠋ᠨ ᢈᠦᠷᠢᠶᠡᠨ ᠳ᠋ᠦ ᠪᠦᢈᠦ ᠰᠤᠷᠭᠠᠭᠤᠯᠢ ᠳ᠋ᠤ ᠨᠢᢉᠡᠳᠦᢉᠰᠡᠨ ᠰᠢᠰᠲ᠋ᠧᠮ ᠨᠡᠪᠲᠡᠷᠡᢉᠦᠯᠵᠦ᠂ ᠪᠣᠯᠪᠠᠰᠤᠷᠠᠯ ᠤ᠋ᠨ ᠶᠠᠮᠤᠨ ᠪᠣᠯᠤᠨ ᠬᠠᠷᠢᠶᠠ ᠠᢉᠧᠨ᠋ᠲ᠋ᠯᠢᠭ ᠪᠠᠶᠢᠭᠤᠯᠤᠯᠭᠠ ᠨᠤᠭᠤᠳ ᠰᠢᠰᠲ᠋ᠧᠮ ᠳ᠋ᠦ ᠬᠠᠨᠳᠤᠬᠤ᠂ ᢈᠢᠨᠠᠬᠤ ᠪᠣᠯᠤᠮᠵᠢ ᠲᠠᠢ ᠶ᠋ᠢ ᠻᠣᠮᠫᠠᠨᠢ ᠨᠤᠭᠤᠳ ᠤ᠋ᠨ ᠲᠥᠯᠦᢉᠡᠯᠡᠯ ᢈᠡᠯᠡᠵᠦ ᠪᠠᠶᠢᠯᠠ᠃ ᠮᠥᠨ ᠢᠨ᠋ᠲ᠋ᠧᠷᠨᠧᠲ ᠢ᠋ ᠬᠤᠷᠳᠤᠲᠠᠢ᠂ ᠰᠠᠭᠠᠳ ᠦᢉᠡᠢ ᠠᠰᠢᠭᠯᠠᠬᠤ ᠶ᠋ᠢᠨ ᠲᠤᠯᠠᠳᠠ ᠨᠡᠩ ᠲᠦᠷᠦᢉᠦᠨ ᠳ᠋ᠦ ᠳᠡᠳ᠋ ᠪᠦᠲᠦᠴᠡ ᠶ᠋ᠢ ᠰᠠᠶᠢᠵᠢᠷᠠᠭᠤᠯᠵᠤ᠂ ᠤᠷᠤᠰᠬᠠᠯ ᠢ᠋ ᠨᠢ ᠨᠡᠮᠡᢉᠳᠡᢉᠦᠯᢈᠦ ᠱᠠᠭᠠᠷᠳᠠᠯᠭᠠ ᠲᠠᠢ ᢉᠡᠪᠡ᠃
ᠪᠣᠯᠪᠠᠰᠤᠷᠠᠯ ᠤ᠋ᠨ ᠶᠠᠮᠤᠨ ᠤ᠋ ᠵᠦᢉ ᠡᠴᠡ ᠬᠤᠪᠢ ᠶ᠋ᠢᠨ ᢈᠡᠪᠰᠢᠯ ᠪᠣᠯᠪᠠᠰᠤᠷᠠᠯ ᠤ᠋ᠨ ᠰᠠᠯᠪᠤᠷᠢ ᠳ᠋ᠤ ᠲᠥᠰᠦᠯ ᢈᠥᠲᠦᠯᠪᠦᠷᠢ ᢈᠡᠷᠡᢉᠵᠢᢉᠦᠯᢈᠦ ᠳ᠋ᠡᢉᠡᠨ ᠵᠠᠬᠠ ᠵᠡᠭᠡᠯᠢ ᠶ᠋ᠢᠨ ᠵᠠᠷᠴᠢᠮ ᠢ᠋ᠶᠠᠷ ᠢ᠋ᠶᠠᠨ ᠥᠷᠢᠰᠦᠯᠳᠦᠳᠡᢉ ᠪᠠᠶᠢᠬᠤ ᠨᠥᢈᠦᠴᠡᠯ ᠢ᠋ ᠪᠦᠷᠢᠳᠦᢉᠦᠯᢈᠦ ᠪᠣᠳᠤᠯᠭᠠ ᠪᠠᠷᠢᠮᠲᠠᠯᠠᠵᠤ ᠪᠤᠢ ᠶ᠋ᠢ ᠪᠣᠯᠪᠠᠰᠤᠷᠠᠯ ᠤ᠋ᠨ ᠰᠠᠶᠢᠳ ᠤ᠋ᠨ ᠵᠥᠪᠯᠡᢈᠦ ᠳ᠊᠂ ᠭᠠᠩᠲᠤᠯᠭᠠ ᠣᠨᠴᠠᠯᠠᠪᠠ᠃ ᠡᠶᠢᠮᠦ ᠳ᠋ᠦ ᠴᠠᢈᠢᠮ ᠰᠢᠯᠵᠢᠯᠲᠡ ᠶ᠋ᠢ ᠡᠷᠴᠢᠮᠵᠢᢉᠦᠯᠵᠦ᠂ ᠦᠷᠡ ᠳ᠋ᠦᠩᠲᠡᠢ ᢈᠡᠷᠡᢉᠵᠢᢉᠦᠯᢈᠦ ᠶ᠋ᠢᠨ ᠲᠤᠯᠠᠳᠠ ᠬᠤᠪᠢ ᠶ᠋ᠢᠨ ᢈᠡᠪᠰᠢᠯ ᠦ᠋ᠨ ᠣᠷᠤᠯᠴᠠᠭᠠ ᠶ᠋ᠢ ᠨᠡᠮᠡᢉᠳᠡᢉᠦᠯᠵᠦ ᠪᠣᠯᠤᠮᠵᠢᠲᠤ ᠠᠵᠢᠯ ᠦᠶᠢᠯᠡᠴᠢᠯᠡᢉᠡ ᠶ᠋ᠢ ᠰᠢᠯᠵᠢᢉᠦᠯᠦᠨ᠂ ᠲᠥᠷᠦ ᠶ᠋ᠢᠨ ᠱᠠᠭᠠᠷᠳᠠᠯᠭᠠ ᠦᢉᠡᠢ ᠣᠷᠤᠯᠴᠠᠭᠠ ᠶ᠋ᠢ ᠪᠠᠭᠠᠰᠬᠠᠵᠤ ᠪᠠᠶᠢᠭᠠ ᠪᠥᢉᠡᠳ ᠲᠤᠯᠭᠠᠷᠠᠵᠤ ᠪᠤᠢ ᠠᠰᠠᠭᠤᠳᠠᠯ ᠤ᠋ᠳ ᠢ᠋ ᠰᠢᠭᠤᠷᠬᠠᠢ ᠰᠢᠢᠳᠪᠦᠷᠢᠯᠡᠨ᠂ ᠬᠤᠪᠢ ᠶ᠋ᠢᠨ ᢈᠡᠪᠰᠢᠯ ᠦ᠋ᠳ ᠢ᠋ᠶᠡᠨ ᠳᠡᠮᠵᠢᠵᠦ᠂ ᠬᠠᠮᠲᠤᠷᠠᠨ ᠠᠵᠢᠯᠯᠠᠨᠠ ᢉᠡᠳᠡᢉ ᠢ᠋ ᠪᠣᠯᠪᠠᠰᠤᠷᠠᠯ ᠤ᠋ᠨ ᠰᠠᠶᠢᠳ ᠫᠦ᠊᠂ ᠨᠠᠷᠠᠨᠪᠠᠶᠠᠷ ᢈᠡᠯᠡᠯᠡ᠃