ᠣᠷᠤᠨ ᠨᠤᠲᠤᠭ ᠤ᠋ᠨ ᠪᠣᠯᠤᠨ ᠠᠯᠤᠰᠯᠠᠭᠳᠠᠭᠰᠠᠨ ᠪᠦᠰᠡ ᠶ᠋ᠢᠨ ᠳᠣᠲᠤᠭᠤᠷ ᠪᠠᠶᠢᠷᠢᠨ ᠤ᠋ ᠰᠤᠷᠤᠭᠴᠢᠳ ᠲᠤ ᠵᠣᠷᠢᠭᠤᠯᠤᠨ ᠲᠡᠳᠡᠨ ᠦ᠋ ᢈᠥᢉᠵᠢᠯ ᠢ᠋ ᠬᠣᠭᠤᠯᠠ᠂ ᠰᠢᠮᠡ ᠲᠡᠵᠢᢉᠡᠯ᠂ ᠡᠷᠡᢉᠦᠯ ᠠᠬᠤᠢ ᠪᠠᠷ ᠳᠠᠮᠵᠢᠭᠤᠯᠤᠨ ᠳᠡᠮᠵᠢᢈᠦ ᠳ᠋ᠦ ᠴᠢᢉᠯᠡᠨ ᠪᠣᠯᠪᠠᠰᠤᠷᠠᠭᠤᠯᠤᠭᠰᠠᠨ ᢈᠥᠲᠦᠯᠪᠦᠷᠢ᠂ ᠭᠠᠷ ᠤ᠋ᠨ ᠠᠪᠤᠯᠭᠠ ᠶ᠋ᠢ ᠲᠤᠷᠰᠢᠨ᠂ ᠣᠷᠤᠨ ᠨᠤᠲᠤᠭ ᠲᠠᢈᠢ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠨᠤᠭᠤᠳ ᠲᠤ ᠲᠠᠨᠢᠯᠴᠠᠭᠤᠯᠵᠤ ᠪᠠᠶᠢᠨᠠ᠃
ᠪᠣᠯᠪᠠᠰᠤᠷᠠᠯ ᠤ᠋ᠨ ᠶᠠᠮᠤᠨ᠂ ᠰᠠᠩ ᠤ᠋ᠨ ᠶᠠᠮᠤᠨ᠂ ᠠᠦ᠋ᠲ᠋ᠰᠷᠠᠯᠢ ᠶ᠋ᠢᠨ ᢈᠡᠦᢈᠡᠳ ᠢ᠋ ᠢᠪᠡᢉᠡᢈᠦ ᠰᠠᠩ ᠬᠠᠮᠲᠤᠷᠠᠨ ᠪᠣᠯᠪᠠᠰᠤᠷᠠᠯ ᠤ᠋ᠨ ᠳᠡᠯᠡᢈᠡᠢ ᠶ᠋ᠢᠨ ᠲᠦᠩᠰᠢᠯᠡᠯ (GPE) ᠣᠯᠠᠨ ᠤᠯᠤᠰ ᠤ᠋ᠨ ᠪᠠᠶᠢᠭᠤᠯᠤᠯᠭᠠ ᠶ᠋ᠢᠨ ᠪᠤᠴᠠᠯᠲᠠ ᠦᢉᠡᠢ ᠲᠤᠰᠠᠯᠠᠮᠵᠢ ᠪᠠᠷ ᠒᠐᠒᠒ ᠣᠨ ᠠ᠋ᠴᠠ ᠬᠣᠶᠢᠰᠢ ᢈᠡᠷᠡᢉᠵᠢᢉᠦᠯᠵᠦ ᠪᠤᠢ 《ᠲᠡᢉᠰᠢ ᠪᠣᠯᠤᠮᠵᠢ ᠶ᠋ᠢ ᠪᠦᠷᠢᠳᠦᢉᠦᠯᢈᠦ ᠵᠠᠮ ᠢ᠋ᠶᠠᠷ ᠰᠤᠷᠤᠯᠴᠠᠬᠤᠢ ᠶ᠋ᠢ ᠳᠡᠮᠵᠢᢈᠦ ᠲᠥᠰᠦᠯ》ᠤ᠋ᠨ ᢈᠦᠷᠢᠶᠡᠨ ᠳ᠋ᠦ ᠤᠭ ᠬᠣᠭᠤᠯᠠ᠂ ᠰᠢᠮᠡ ᠲᠡᠵᠢᢉᠡᠯ᠂ ᠡᠷᠡᢉᠦᠯ ᠮᠡᠨᠳᠦ ᠶ᠋ᠢᠨ ᢈᠥᠲᠦᠯᠪᠦᠷᠢ᠂ ᠭᠠᠷ ᠤ᠋ᠨ ᠠᠪᠤᠯᠭᠠ ᠨᠤᠭᠤᠳ ᠢ᠋ ᠪᠣᠯᠪᠠᠰᠤᠷᠠᠭᠤᠯᠤᠭᠰᠠᠨ᠃ ᠡᠨᠡ ᢈᠦᠷᠢᠶᠡᠨ ᠳ᠋ᠦ ᠲᠡᠳᠡᢉᠡᠷ ᠢ᠋ ᠲᠤᠷᠰᠢᠬᠤ᠂ ᠲᠠᠨᠢᠯᠴᠠᠭᠤᠯᠬᠤ ᠠᠵᠢᠯ ᠑᠑ ᠠᠶᠢᠮᠠᠭ ᠤ᠋ᠨ ᠶᠡᠷᠦᠩᢈᠡᠢ ᠪᠣᠯᠪᠠᠰᠤᠷᠠᠯ ᠤ᠋ᠨ ᠒᠔ ᠰᠤᠷᠭᠠᠭᠤᠯᠢ ᠶ᠋ᠢᠨ ᠳᠣᠲᠤᠭᠤᠷ ᠪᠠᠶᠢᠷᠢᠨ ᠳ᠋ᠤ ᠠᠮᠢᠳᠤᠷᠠᠵᠤ ᠪᠤᠢ ᠰᠤᠷᠤᠭᠴᠢᠳ ᠢ᠋ ᠬᠠᠮᠤᠷᠤᠭᠤᠯᠤᠨ ᢈᠡᠷᠡᢉᠵᠢᠵᠦ ᠪᠠᠶᠢᠨᠠ᠃
ᠡᠨᠡ ᢈᠦ ᠠᠵᠢᠯ ᠳ᠋ᠤ ᠣᠷᠤᠨ ᠨᠤᠲᠤᠭ ᠤ᠋ᠨ ᠪᠣᠯᠪᠠᠰᠤᠷᠠᠯ ᠤ᠋ᠨ ᠭᠠᠵᠠᠷ ᠤ᠋ᠨ ᠮᠡᠷᢉᠡᠵᠢᠯᠲᠡᠨ ᠨᠦ᠋ᢉᠦᠳ ᠳᠡᠮᠵᠢᠯᢉᠡ ᠦᠵᠡᢉᠦᠯᠵᠦ᠂ ᠳᠣᠲᠤᠭᠤᠷ ᠪᠠᠶᠢᠷᠢᠨ ᠤ᠋ ᠪᠠᠭᠰᠢ ᠨᠠᠷ ᠠ᠋ᠴᠠ ᠭᠠᠳᠠᠨᠠ ᠳᠣᠲᠤᠭᠤᠷ ᠪᠠᠶᠢᠷᠢᠨ ᠤ᠋ ᠲᠣᠭᠤᠭᠠᠴᠢ᠂ ᠰᠤᠷᠭᠠᠭᠤᠯᠢ ᠶ᠋ᠢᠨ ᠤᠳᠤᠷᠢᠳᠤᠯᠭᠠ᠂ ᠬᠣᠭᠤᠯᠠ ᠵᠦᠶᠢᠴᠢ᠂ ᠡᠴᠢᢉᠡ ᠡᢈᠡ᠂ ᠠᠰᠠᠷᠠᠨ ᠬᠠᠮᠠᠭᠠᠯᠠᠭᠴᠢᠳ ᠬᠠᠮᠲᠤᠷᠠᠨ ᠠᠵᠢᠯᠯᠠᠵᠤ ᠪᠠᠶᠢᠭᠠ ᠶᠤᠮ᠃ ᠲᠡᢉᠦᠨᠴᠢᠯᠡᠨ ᠪᠣᠯᠪᠠᠰᠤᠷᠠᠯ ᠤ᠋ᠨ ᠰᠤᠳᠤᠯᠭᠠᠨ ᠤ᠋ ᠦᠨᠳᠦᠰᠦᠨ ᠦ᠋ ᢈᠦᠷᠢᠶᠡᠯᠡᠩ ᠦ᠋ᠨ ᠲᠥᠯᠦᢉᠡᠯᠡᠯ ᠰᠤᠷᠤᠭᠴᠢ᠂ ᠪᠠᠭᠰᠢ᠂ ᠲᠣᠭᠤᠭᠠᠴᠢ᠂ ᠡᠴᠢᢉᠡ ᠡᢈᠡ᠂ ᠠᠰᠠᠷᠠᠨ ᠬᠠᠮᠠᠭᠠᠯᠠᠭᠴᠢᠳ ᠲᠠᠢ ᠠᠭᠤᠯᠵᠠᠵᠤ᠂ ᠬᠣᠭᠤᠯᠠ ᠰᠢᠮᠡ ᠲᠡᠵᠢᢉᠡᠯ᠂ ᠡᠷᠡᢉᠦᠯ ᠠᠬᠤᠢ ᠶ᠋ᠢᠨ ᠮᠡᠳᠡᠯᢉᠡ᠂ ᠴᠢᠳᠠᠪᠤᠷᠢ᠂ ᠬᠠᠨᠳᠤᠯᠭᠠ ᠶ᠋ᠢ ᠳᠡᠮᠵᠢᢈᠦ ᠳ᠋ᠦ ᢈᠡᠷᢈᠢᠨ ᠬᠠᠮᠲᠤᠷᠠᠨ ᠠᠵᠢᠯᠯᠠᠬᠤ ᠲᠠᠯ ᠠ ᠪᠠᠷ ᠶᠠᠷᠢᠯᠴᠠᠨ᠂ ᠮᠡᠷᢉᠡᠵᠢᠯ᠂ ᠠᠷᠭᠠ ᠵᠦᠢ ᠶ᠋ᠢᠨ ᠤᠳᠤᠷᠢᠳᠤᠯᠭᠠ ᠪᠠᠷ ᠬᠠᠩᠭᠠᠵᠤ ᠪᠠᠶᠢᠨᠠ᠃