Хаах

ᠲᠡᢉᠰᠢ ᠬᠠᠮᠤᠷᠤᠭᠤᠯᠬᠤ ᠪᠣᠯᠪᠠᠰᠤᠷᠠᠯ ᠤ᠋ᠨ ᠰᠤᠷᠭᠠᠭᠴᠢ ᠪᠠᠭᠰᠢ ᠪᠡᠯᠡᠳᢈᠡᢈᠦ ᠰᠤᠷᠭᠠᠯᠲᠠ ᠵᠣᢈᠢᠶᠠᠨ ᠪᠠᠶᠢᠭᠤᠯᠵᠤ ᠪᠠᠶᠢᠨ᠎ᠠ

A- A A+
ᠲᠡᢉᠰᠢ ᠬᠠᠮᠤᠷᠤᠭᠤᠯᠬᠤ ᠪᠣᠯᠪᠠᠰᠤᠷᠠᠯ ᠤ᠋ᠨ ᠰᠤᠷᠭᠠᠭᠴᠢ ᠪᠠᠭᠰᠢ ᠪᠡᠯᠡᠳᢈᠡᢈᠦ ᠰᠤᠷᠭᠠᠯᠲᠠ ᠵᠣᢈᠢᠶᠠᠨ ᠪᠠᠶᠢᠭᠤᠯᠵᠤ ᠪᠠᠶᠢᠨ᠎ᠠ

ᠮᠣᠩᠭᠣᠯ ᠤᠯᠤᠰ ᠤ᠋ᠨ ᠪᠣᠯᠪᠠᠰᠤᠷᠠᠯ ᠤ᠋ᠨ ᠶᠠᠮᠤᠨ ᠪᠣᠯᠤᠨ ᠯᠶᠦ᠋ᠻᠰᠧᠮᠪᠦ᠋ᠷ ᠦ᠋ᠨ ᠭᠠᠳᠠᠭᠠᠳᠤ ᢈᠡᠷᠡᢉ ᠦ᠋ᠨ ᠶᠠᠮᠤᠨ ᠤ᠋ ᠳᠡᠮᠵᠢᠯᢉᠡ ᠲᠡᠢ ᠪᠡᠷ «ᠠᠳᠢᠨᠠ ᠲᠡᢉᠰᠢ ᠪᠣᠯᠤᠮᠵᠢ» ᠲᠦ‍᠂ ᠪᠤ‍᠂ ᠪᠠ‍᠂ ᠠ᠋ᠴᠠ ᢈᠡᠷᠡᢉᠵᠢᢉᠦᠯᠵᠦ ᠪᠤᠢ ᠲᠥᠰᠦᠯ ᠦ᠋ᠨ ᢈᠦᠷᠢᠶᠡᠨ ᠳ᠋ᠦ ᢈᠥᢉᠵᠢᠯ ᠦ᠋ᠨ ᠪᠡᠷᢈᠡᠰᠢᠶᠡᠯ ᠲᠡᠢ ᢈᠡᠦᢈᠡᠳ ᠲᠡᠢ ᠠᠵᠢᠯᠯᠠᠵᠤ ᠪᠤᠢ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠶ᠋ᠢᠨ ᠤᠳᠤᠷᠢᠳᠤᠯᠭ᠎ᠠ᠂ ᠪᠠᠭᠰᠢ ᠨᠠᠷ ᠲᠤ ᠮᠡᠷᢉᠡᠵᠢᠯ ᠠᠷᠭ᠎ᠠ ᠵᠦᠢ ᠶ᠋ᠢᠨ ᠳᠡᠮᠵᠢᠯᢉᠡ ᠦᠵᠡᢉᠦᠯᢈᠦ «ᠲᠡᢉᠰᠢ ᠬᠠᠮᠤᠷᠤᠭᠤᠯᠬᠤ ᠪᠣᠯᠪᠠᠰᠤᠷᠠᠯ ᠤ᠋ᠨ ᠰᠤᠷᠭᠠᠭᠴᠢ ᠪᠠᠭᠰᠢ ᠪᠡᠯᠡᠳᢈᠡᢈᠦ» ᠰᠤᠷᠭᠠᠯᠲᠠ ᠶ᠋ᠢ ᠵᠣᢈᠢᠶᠠᠨ ᠪᠠᠶᠢᠭᠤᠯᠵᠤ᠂ ᠒᠑ ᠠᠶᠢᠮᠠᠭ᠂ ᠶᠢᠰᠦᠨ ᠳᠡᢉᠦᠷᢉᠡ ᠶ᠋ᠢᠨ ᠲᠡᢉᠰᠢ ᠬᠠᠮᠤᠷᠤᠭᠤᠯᠬᠤ ᠪᠣᠯᠪᠠᠰᠤᠷᠠᠯ ᠤ᠋ᠨ ᠠᠰᠠᠭᠤᠳᠠᠯ ᠬᠠᠷᠢᠭᠤᠴᠠᠭᠰᠠᠨ ᠮᠡᠷᢉᠡᠵᠢᠯᠲᠡᠨ ᠨᠦ᠋ᢉᠦᠳ᠂ ᠲᠥᠰᠦᠯ ᠦ᠋ᠨ ᠵᠣᠷᠢᠯᠲᠠᠲᠤ ᠓᠐ ᠰᠤᠷᠭᠠᠭᠤᠯᠢ ᠶ᠋ᠢᠨ ᠪᠠᠭᠰᠢ ᠨᠠᠷ ᠢ᠋ ᠬᠠᠮᠤᠷᠤᠭᠤᠯᠵᠤ ᠪᠠᠶᠢᠨ᠎ᠠ᠃ ᠰᠤᠷᠭᠠᠯᠲᠠ ᠳ᠋ᠤ ᠬᠠᠮᠤᠷᠤᠭᠳᠠᠭᠰᠠᠨ ᠮᠡᠷᢉᠡᠵᠢᠯᠲᠡᠨ᠂ ᠠᠷᠭ᠎ᠠ ᠵᠦᠶᠢᠴᠢ᠂ ᠪᠠᠭᠰᠢ ᠨᠠᠷ ᠲᠡᢉᠰᠢ ᠬᠠᠮᠤᠷᠤᠭᠤᠯᠬᠤ ᠪᠣᠯᠪᠠᠰᠤᠷᠠᠯ ᠤ᠋ᠨ ᠣᠷᠴᠢᠨ ᠪᠣᠯᠤᠨ ᠠᠷᠭ᠎ᠠ ᠵᠦᠢ ᠶ᠋ᠢᠨ ᠲᠣᢈᠢᠷᠠᠭᠤᠯᠭ᠎ᠠ᠂ ᠬᠠᠨᠳᠤᠯᠭ᠎ᠠ ᠶ᠋ᠢᠨ ᠥᢉᠡᠷᠡᠴᠢᠯᠡᠯᠲᠡ᠂ ᠰᠤᠷᠭᠠᠯᠲᠠ ᠶ᠋ᠢᠨ ᢈᠥᠲᠦᠯᠪᠦᠷᠢ ᠶ᠋ᠢ ᢈᠦᠷᠲᠡᢉᠡᠮᠵᠢ ᠲᠡᠢ᠂ ᠴᠢᠨᠠᠷ ᠲᠠᠢ ᠪᠣᠯᠭᠠᠬᠤ ᠳ᠋ᠤ ᠬᠤᠪᠢ ᠨᠡᠮᠡᠷᠢ ᠪᠡᠨ ᠣᠷᠤᠭᠤᠯᠵᠤ᠂ ᠴᠠᠭᠠᠰᠢ ᠲᠦᢉᠡᢉᠡᠨ ᠳᠡᠯᢉᠡᠷᠡᢉᠦᠯᢈᠦ ᠶᠤᠮ᠃

ᠰᠤᠷᠭᠠᠯᠲᠠ ᠶ᠋ᠢᠨ ᠠᠭᠤᠯᠭ᠎ᠠ ᠶ᠋ᠢ ᠲᠡᢉᠰᠢ ᠬᠠᠮᠤᠷᠤᠭᠤᠯᠬᠤ ᠪᠣᠯᠪᠠᠰᠤᠷᠠᠯ ᠤ᠋ᠨ ᠮᠡᠷᢉᠡᠵᠢᠯᠲᠡᠨ᠂ ᢈᠥᢉᠵᠢᠯ ᠦ᠋ᠨ ᠪᠡᠷᢈᠡᠰᠢᠶᠡᠯ ᠲᠡᠢ ᢈᠡᠦᢈᠡᠳ ᠲᠡᠢ ᠡᠴᠢᢉᠡ ᠡᢈᠡ᠂ ᠠᠰᠠᠷᠠᠨ ᠬᠠᠮᠠᠭᠠᠯᠠᠭᠴᠢ᠂ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠶ᠋ᠢᠨ ᠪᠠᠭᠰᠢ᠂ ᠲᠥᠷᠦ ᠶ᠋ᠢᠨ ᠪᠤᠰᠤ ᠪᠠᠶᠢᠭᠤᠯᠤᠯᠭ᠎ᠠ ᠨᠤᠭᠤᠳ ᠤ᠋ᠨ ᠲᠥᠯᠦᢉᠡᠯᠡᠯ ᠡᠴᠡ ᠪᠦᠷᠢᠳᠦᢉᠰᠡᠨ ᠲᠥᠰᠦᠯ ᠦ᠋ᠨ ᠠᠵᠢᠯ ᠤ᠋ᠨ ᢈᠡᠰᠡᢉ ᠪᠣᠯᠪᠠᠰᠤᠷᠠᠭᠤᠯᠵᠤ᠂ ᠣᠨᠤᠯ ᠔᠐ ᠬᠤᠪᠢ᠂ ᠳᠠᠳᠤᠯᠭ᠎ᠠ ᠖᠐ ᠬᠤᠪᠢ ᠪᠠᠶᠢᠬᠤ ᠪᠠᠷ ᠲᠥᠯᠦᠪᠯᠡᠨ᠂ ᠲᠠᠩᢈᠢᠮ ᠢ᠋ᠶᠠᠷ ᠵᠣᢈᠢᠶᠠᠨ ᠪᠠᠶᠢᠭᠤᠯᠵᠤ ᠪᠠᠶᠢᠨ᠎ᠠ᠃ ᠰᠤᠷᠭᠠᠯᠲᠠ ᠶ᠋ᠢᠨ ᠳ᠋ᠦᠩ ᠳ᠋ᠦ:

ᠮᠣᠩᠭᠣᠯ ᠤᠯᠤᠰ ᠤ᠋ᠨ ᠪᠣᠳᠤᠯᠭ᠎ᠠ ᠶ᠋ᠢᠨ ᠪᠠᠷᠢᠮᠲᠠ ᠪᠢᠴᠢᢉ᠂ ᠬᠠᠤᠯᠢ ᠡᠷᢈᠡ ᠵᠦᠢ ᠳ᠋ᠦ ᠲᠤᠰᠬᠠᠭᠰᠠᠨ ᠲᠡᢉᠰᠢ ᠬᠠᠮᠤᠷᠤᠭᠤᠯᠤᠨ ᠰᠤᠷᠭᠠᠬᠤ ᠪᠣᠯᠪᠠᠰᠤᠷᠠᠯ ᠤ᠋ᠨ ᠲᠠᠯᠠᠭᠠᠷᢈᠢ ᠣᠶᠢᠯᠠᠭᠠᠯᠲᠠ᠂ ᠲᠡᢉᠦᠨ ᠢ᠋ ᢈᠡᠷᠡᢉᠵᠢᢉᠦᠯᢈᠦ ᠳ᠋ᠦ ᠠᠩᠬᠠᠷᠬᠤ ᠵᠦᠶᠢᠯᠡᠰ;
ᠲᠡᢉᠰᠢ ᠬᠠᠮᠤᠷᠤᠭᠤᠯᠬᠤ ᠪᠣᠯᠪᠠᠰᠤᠷᠠᠯ ᠢ᠋ ᠴᠢᠨᠠᠷᠲᠠᠢ ᠦᠷ᠎ᠡ ᠳ᠋ᠦᠩ ᠲᠡᠢ ᠵᠣᢈᠢᠶᠠᠨ ᠪᠠᠶᠢᠭᠤᠯᠬᠤ ᠳ᠋ᠤ ᠱᠠᠭᠠᠷᠳᠠᠯᠭ᠎ᠠ ᠲᠠᠢ ᠰᠤᠷᠭᠠᠯᠲᠠ ᠶ᠋ᠢᠨ ᠣᠷᠴᠢᠨ᠂ ᠲᠠᠩᢈᠢᠮ ᠲᠣᢈᠢᠷᠠᠭᠤᠯᠭ᠎ᠠ᠂ ᠠᠩᢉᠢ ᠵᠣᢈᠢᠶᠠᠨ ᠪᠠᠶᠢᠭᠤᠯᠤᠯᠲᠠ;
ᠭᠠᠭᠴᠠᠭᠠᠷᠴᠢᠯᠠᠭᠰᠠᠨ ᠰᠤᠷᠭᠠᠯᠲᠠ ᠶ᠋ᠢᠨ ᠲᠥᠯᠦᠪᠯᠡᢉᠡ᠂ ᢈᠥᢉᠵᠢᠯ ᠦ᠋ᠨ ᠪᠡᠷᢈᠡᠰᠢᠶᠡᠯ ᠲᠡᠢ ᢈᠡᠦᢈᠡᠳ ᠲᠡᠢ ᠠᠵᠢᠯᠯᠠᠬᠤ ᠠᠷᠭ᠎ᠠ ᠵᠦᠢ᠂ ᠰᠤᠷᠭᠠᠯᠲᠠ ᠶ᠋ᠢᠨ ᢈᠥᠲᠦᠯᠪᠦᠷᠢ ᠳ᠋ᠦ ᠰᠤᠷᠤᠯᠴᠠᠬᠤᠢ ᠶ᠋ᠢᠨ ᠲᠦᢉᠡᠮᠡᠯ ᠵᠠᠭᠪᠤᠷ ᠠᠰᠢᠭᠯᠠᠨ ᢈᠢᢈᠦ ᠲᠣᢈᠢᠷᠠᠭᠤᠯᠭ᠎ᠠ᠂ ᠰᠤᠷᠭᠠᠯᠲᠠ ᠶ᠋ᠢᠨ ᢈᠡᠷᠡᢉᠯᠡᢉᠳᠡᢈᠦᠨ ᠪᠣᠯᠪᠠᠰᠤᠷᠠᠭᠤᠯᠬᠤ ᠠᠷᠭ᠎ᠠ ᠵᠦᠢ;
ᢈᠥᢉᠵᠢᠯ ᠦ᠋ᠨ ᠪᠡᠷᢈᠡᠰᠢᠶᠡᠯᠲᠡᠢ ᠰᠤᠷᠤᠯᠴᠠᠭᠴᠢᠳ ᠪᠣᠯᠪᠠᠰᠤᠷᠠᠯ ᠡᠵᠡᠮᠰᠢᢈᠦ ᠳ᠋ᠦ ᠱᠠᠭᠠᠷᠳᠠᠯᠭᠠᠲᠠᠢ ᠳᠡᠪᠰᠢᠯᠲᠡᠲᠦ ᠲᠧᠻᠨᠤᠯᠤᢉᠢ ᠪᠣᠯᠤᠨ ᠲᠤᠰᠠᠯᠠᠬᠤ ᢈᠡᠷᠡᢉᠰᠡᠯ;
ᢈᠥᢉᠵᠢᠯ ᠦ᠋ᠨ ᠪᠡᠷᢈᠡᠰᠢᠶᠡᠯ ᠲᠡᠢ ᠰᠤᠷᠤᠯᠴᠠᠭᠴᠢ ᠶ᠋ᠢᠨ ᠰᠤᠷᠭᠠᠯᠲᠠ ᠶ᠋ᠢᠨ ᠭᠠᠷᠤᠭᠠᠨ ᠤ᠋ ᠦᠨᠡᠯᠡᢉᠡ ᠪᠣᠯᠤᠨ ᠠᢈᠢᠴᠠ ᠶ᠋ᠢ ᠦᠨᠡᠯᠡᢈᠦ ᠠᠷᠭᠠᠴᠢᠯᠠᠯ ᠵᠡᠷᢉᠡ ᠶ᠋ᠢᠨ ᠲᠠᠯ ᠠ᠋ ᠪᠠᠷ ᠣᠨᠤᠯ ᠤ᠋ᠨ ᠴᠣᠭᠴᠠ ᠮᠡᠳᠡᠯᢉᠡ ᠣᠶᠢᠯᠠᠭᠠᠯᠲᠠ ᠲᠠᠢ ᠪᠣᠯᠵᠤ᠂ ᠫᠷᠠᠻᠲ᠋ᠢᠻ ᠲᠤ ᠰᠤᠷᠤᠯᠴᠠᠬᠤ ᠶᠤᠮ᠃