ᠮᠣᠩᠭᠣᠯ ᠤᠯᠤᠰ ᠤ᠋ᠨ ᠪᠣᠯᠪᠠᠰᠤᠷᠠᠯ ᠤ᠋ᠨ ᠶᠠᠮᠤᠨ ᠪᠣᠯᠤᠨ ᠯᠶᠦ᠋ᠻᠰᠧᠮᠪᠦ᠋ᠷ ᠦ᠋ᠨ ᠭᠠᠳᠠᠭᠠᠳᠤ ᢈᠡᠷᠡᢉ ᠦ᠋ᠨ ᠶᠠᠮᠤᠨ ᠤ᠋ ᠳᠡᠮᠵᠢᠯᢉᠡ ᠲᠡᠢ ᠪᠡᠷ 《ᠠᠳᠢᠨᠠ ᠲᠡᢉᠰᠢ ᠪᠣᠯᠤᠮᠵᠢ》ᠲᠥ᠊᠂ ᠪᠤ᠊᠂ ᠪᠠ᠊᠂ ᢈᠡᠷᠡᢉᠵᠢᢉᠦᠯᠵᠦ ᠪᠤᠢ ᠲᠥᠰᠦᠯ ᠦ᠋ᠨ ᢈᠦᠷᠢᠶᠡᠨ ᠳ᠋ᠦ ᠵᠣᢈᠢᠶᠠᠨ ᠪᠠᠶᠢᠭᠤᠯᠤᠭᠰᠠᠨ ᠲᠤᠰ ᠰᠤᠷᠭᠠᠯᠲᠠ ᠳ᠋ᠤ ᠬᠠᠮᠤᠷᠤᠭᠳᠠᠭᠰᠠᠨ ᠮᠡᠷᢉᠡᠵᠢᠯᠲᠡᠨ᠂ ᠠᠷᠭᠠ ᠵᠦᠶᠢᠴᠢ᠂ ᠪᠠᠭᠰᠢ ᠨᠠᠷ ᠲᠡᢉᠰᠢ ᠬᠠᠮᠤᠷᠤᠭᠤᠯᠬᠤ ᠪᠣᠯᠪᠠᠰᠤᠷᠠᠯ ᠤ᠋ᠨ ᠣᠷᠴᠢᠨ ᠪᠣᠯᠤᠨ ᠠᠷᠭᠠ ᠵᠦᠢ ᠶ᠋ᠢᠨ ᠲᠣᢈᠢᠷᠠᠭᠤᠯᠭᠠ᠂ ᠬᠠᠨᠳᠤᠯᠭᠠ ᠶ᠋ᠢᠨ ᠥᢉᠡᠷᠡᠴᠢᠯᠡᠯᠲᠡ᠂ ᠰᠤᠷᠭᠠᠯᠲᠠ ᠶ᠋ᠢᠨ ᢈᠥᠲᠦᠯᠪᠦᠷᠢ ᠶ᠋ᠢ ᢈᠦᠷᠲᠡᢉᠡᠮᠵᠢᠲᠡᠢ᠂ ᠴᠢᠨᠠᠷᠲᠠᠢ ᠪᠣᠯᠭᠠᠬᠤ ᠳ᠋ᠤ ᠬᠤᠪᠢ ᠨᠡᠮᠡᠷᠢ ᠪᠡᠨ ᠣᠷᠤᠭᠤᠯᠵᠤ᠂ ᠴᠠᠭᠠᠰᠢ ᠲᠦᢉᠡᢉᠡᠨ ᠳᠡᠯᢉᠡᠷᠡᢉᠦᠯᢈᠦ ᠶᠤᠮ᠃ ᠲᠥᠰᠦᠯ ᠦ᠋ᠨ ᠨᠢᢉᠡᠴᠡ《Мэдлэ》ᠴᠠᢈᠢᠮ ᠰᠤᠷᠭᠠᠭᠤᠯᠢ ᠲᠠᠢ ᠬᠠᠮᠲᠤᠷᠠᠨ ᠴᠠᢈᠢᠮ ᠫᠯᠠᠲ᠋ᠹᠤᠷᠮ ᠳ᠋ᠤ ᠪᠠᠶᠢᠷᠢᠰᠢᠭᠤᠯᠬᠤ ᠪᠡᠯᠡᠳᢈᠡᠯ ᠬᠠᠩᠭᠠᠵᠤ ᠪᠠᠶᠢᠨᠠ᠃
ᠰᠤᠷᠭᠠᠯᠲᠠ ᠶ᠋ᠢᠨ ᢈᠦᠷᠢᠶᠡᠨ ᠳ᠋ᠦ ᠳᠠᠷᠠᠭᠠᢈᠢ ᠠᠭᠤᠯᠭᠠ ᠪᠠᠷ ᠮᠡᠳᠡᢉᠡᠯᠡᠯ ᠰᠣᠯᠢᠯᠴᠠᠵᠤ᠂ ᠬᠠᠮᠲᠤᠷᠠᠨ ᠠᠵᠢᠯᠯᠠᠵᠤ ᠨᠢᢉᠡᠳᠦᢉᠰᠡᠨ ᠣᠶᠢᠯᠠᠭᠠᠯᠲᠠ ᠲᠠᠢ ᠪᠣᠯᠤᠯ ᠠ᠃ ᠡᢉᠦᠨ ᠳ᠋ᠦ:
ᠳᠡᢉᠡᠷᠡᢈᠢ ᠠᠭᠤᠯᠭᠠ ᠶ᠋ᠢ ᠲᠡᢉᠰᠢ ᠬᠠᠮᠤᠷᠤᠭᠤᠯᠬᠤ ᠪᠣᠯᠪᠠᠰᠤᠷᠠᠯ ᠤ᠋ᠨ ᠮᠡᠷᢉᠡᠵᠢᠯᠲᠡᠨ᠂ ᢈᠥᢉᠵᠢᠯ ᠦ᠋ᠨ ᠪᠡᠷᢈᠡᠰᠢᠶᠡᠯ ᠲᠡᠢ ᢈᠡᠦᢈᠡᠳ ᠲᠡᠢ ᠡᠴᠢᢉᠡ ᠡᢈᠡ᠂ ᠠᠰᠠᠷᠠᠨ ᠬᠠᠮᠠᠭᠠᠯᠠᠭᠴᠢ᠂ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠶ᠋ᠢᠨ ᠪᠠᠭᠰᠢ᠂ ᠲᠥᠷᠦ ᠶ᠋ᠢᠨ ᠪᠤᠰᠤ ᠪᠠᠶᠢᠭᠤᠯᠤᠯᠭᠠ ᠨᠤᠭᠤᠳ ᠤ᠋ᠨ ᠲᠥᠯᠦᢉᠡᠯᠡᠯ ᠡᠴᠡ ᠪᠦᠷᠢᠳᠦᢉᠰᠡᠨ ᠲᠥᠰᠦᠯ ᠦ᠋ᠨ ᠠᠵᠢᠯ ᠤ᠋ᠨ ᢈᠡᠰᠡᢉ ᠪᠣᠯᠪᠠᠰᠤᠷᠠᠭᠤᠯᠵᠤ᠂ ᠣᠨᠤᠯ ᠔᠐ ᠬᠤᠪᠢ᠂ ᠳᠠᠳᠤᠯᠭᠠ ᠖᠐ ᠬᠤᠪᠢ ᠪᠠᠶᠢᠬᠤ ᠪᠠᠷ ᠲᠥᠯᠦᠪᠯᠡᠨ᠂ ᠲᠠᠩᢈᠢᠮ ᠢ᠋ᠶᠠᠷ ᠵᠣᢈᠢᠶᠠᠨ ᠪᠠᠶᠢᠭᠤᠯᠪᠠ᠃