Хаах

«ᠪᠠᠭᠰᠢ᠂ ᠡᠷᠡᢉᠦᠯ ᠮᠡᠨᠳᠦ ᠶ᠋ᠢᠨ ᠪᠣᠯᠪᠠᠰᠤᠷᠠᠯ᠂ ᠠᠷᠭ᠎ᠠ ᠵᠦᠢ» ᠮᠡᠷᢉᠡᠵᠢᠯ ᠦ᠋ᠨ ᢈᠥᠲᠦᠯᠪᠦᠷᠢ ᢈᠡᠷᠡᢉᠵᠢᠵᠦ ᠡᢈᠢᠯᠡᠯ᠎ᠡ

A- A A+
«ᠪᠠᠭᠰᠢ᠂ ᠡᠷᠡᢉᠦᠯ ᠮᠡᠨᠳᠦ ᠶ᠋ᠢᠨ ᠪᠣᠯᠪᠠᠰᠤᠷᠠᠯ᠂ ᠠᠷᠭ᠎ᠠ ᠵᠦᠢ» ᠮᠡᠷᢉᠡᠵᠢᠯ ᠦ᠋ᠨ ᢈᠥᠲᠦᠯᠪᠦᠷᠢ ᢈᠡᠷᠡᢉᠵᠢᠵᠦ ᠡᢈᠢᠯᠡᠯ᠎ᠡ

ᠰᠢᠨ᠎ᠡ ᠮᠡᠷᢉᠡᠵᠢᠯ ᠢ᠋ᠶᠡᠷ ᠡᠯᠡᠰᠦᠨ ᠰᠤᠷᠤᠯᠴᠠᠭᠴᠢᠳ ᠤ᠋ᠨ ᠢᠳᠡᠪᢈᠢ ᠣᠷᠤᠯᠴᠠᠭ᠎ᠠ ᠶ᠋ᠢ ᠨᠡᠮᠡᢉᠳᠡᢉᠦᠯᢈᠦ᠂ ᠣᠯᠠᠨ ᠨᠡᠶᠢᠲᠡ ᠳ᠋ᠦ ᠰᠤᠷᠲᠠᠯᠴᠢᠯᠠᠬᠤ᠂ ᠮᠡᠷᢉᠡᠵᠢᠯ ᠦ᠋ᠨ ᠡᠷᠢᠯᠲᠡ ᢈᠡᠷᠡᢉᠴᠡᢉᠡ᠂ ᠡᠯᠰᠡᠯᠲᠡ ᠶ᠋ᠢ ᠨᠡᠮᠡᢉᠳᠡᢉᠦᠯᢈᠦ ᠵᠣᠷᠢᠯᠭ᠎ᠠ ᠪᠠᠷ ᠪᠣᠯᠪᠠᠰᠤᠷᠠᠯ ᠤ᠋ᠨ ᠰᠠᠶᠢᠳ ᠪᠣᠯᠤᠨ ᠡᠷᠡᢉᠦᠯ ᠮᠡᠨᠳᠦ ᠶ᠋ᠢᠨ ᠰᠠᠶᠢᠳ᠂ ᠤᠳᠤᠷᠢᠳᠬᠤ ᠠᠵᠢᠯᠲᠠᠨ᠂ ᠪᠠᠭᠰᠢ᠂ ᠣᠶᠤᠲᠠᠨ ᠰᠤᠷᠤᠯᠴᠠᠭᠴᠢᠳ ᠪᠣᠯᠤᠨ ᠪᠤᠰᠤᠳ ᠣᠷᠤᠯᠴᠠᠭᠴᠢ ᠲᠠᠯ᠎ᠠ ᠶ᠋ᠢᠨ ᠬᠠᠮᠲᠤᠷᠠᠭᠰᠠᠨ ᠠᠭᠤᠯᠵᠠᠯᠲᠠ ᢈᠡᠯᠡᠯᠴᠡᢉᠦᠯᢉᠡ ᠶ᠋ᠢ ᠵᠣᢈᠢᠶᠠᠨ ᠪᠠᠶᠢᠭᠤᠯᠵᠤ ᠪᠠᠶᠢᠨ᠎ᠠ᠃

ᠮᠣᠩᠭᠣᠯ ᠤᠯᠤᠰ ᠤ᠋ᠨ ᠶᠡᠷᠦᠩᢈᠡᠶᠢᠯᠡᢉᠴᠢ ᠶ᠋ᠢᠨ ᠲᠠᠮᠠᠭ᠎ᠠ ᠶ᠋ᠢᠨ ᠭᠠᠵᠠᠷ ᠠ᠋ᠴᠠ ᠰᠠᠨᠠᠭᠠᠴᠢᠯᠠᠨ ᢈᠡᠷᠡᢉᠵᠢᢉᠦᠯᠵᠦ ᠪᠤᠢ «ᠡᠷᠡᢉᠦᠯ ᠮᠣᠩᠭᠤᠯ ᢈᠦᠮᠦᠨ» ᢈᠥᠲᠦᠯᠪᠦᠷᠢ ᠶ᠋ᠢᠨ ᢈᠦᠷᠢᠶᠡᠨ ᠳ᠋ᠦ ᠪᠣᠯᠪᠠᠰᠤᠷᠠᠯ᠂ ᠰᠢᠨᠵᠢᠯᠡᢈᠦ ᠤᠬᠠᠭᠠᠨ ᠤ᠋ ᠰᠠᠶᠢᠳ ᠤ᠋ᠨ ᠒᠐᠒᠔ ᠣᠨ ᠤ᠋ ᠐᠓ ᠳ᠋ᠤᠭᠠᠷ ᠰᠠᠷ᠎ᠠ ᠶ᠋ᠢᠨ ᠒᠐/᠑᠔᠖ ᠳ᠋ᠤᠭᠠᠷ ᠲᠤᠰᠢᠶᠠᠯ ᠤ᠋ᠨ ᠬᠠᠪᠰᠤᠷᠤᠯᠲᠠ ᠪᠠᠷ «ᠪᠠᠭᠰᠢ᠂ ᠡᠷᠡᢉᠦᠯ ᠮᠡᠨᠳᠦ ᠶ᠋ᠢᠨ ᠪᠣᠯᠪᠠᠰᠤᠷᠠᠯ᠂ ᠠᠷᠭ᠎ᠠ ᠵᠦᠢ» /᠖᠆᠐᠑᠑᠔᠓᠙/ ᠮᠡᠷᢉᠡᠵᠢᠯ ᠦ᠋ᠨ ᢈᠥᠲᠦᠯᠪᠦᠷᠢ ᠶ᠋ᠢᠨ ᠨᠡᠷ᠎ᠡ ᠶ᠋ᠢ ᠰᠢᠨᠡᠴᠢᠯᠡᠨ ᠪᠠᠲᠤᠯᠠᠭᠰᠠᠨ᠃ ᠲᠤᠰ ᢈᠥᠲᠦᠯᠪᠦᠷᠢ ᠶ᠋ᠢ ᠮᠤ‍᠂ ᠤ‍᠂ ᠪᠣ‍᠂ ᠶᠡ‍᠂ ᠰᠤ‍᠂; ᠠ‍᠂ ᠰᠢ‍᠂ ᠤ‍᠂ ᠦ‍᠂ ᠶᠡ‍᠂ ᠰᠤ‍᠂ ᠬᠠᠮᠲᠤᠷᠠᠨ ᢈᠡᠷᠡᢉᠵᠢᢉᠦᠯᠦᠨ᠎ᠡ᠃

ᠡᠷᠡᢉᠦᠯ ᠮᠡᠨᠳᠦ ᠶ᠋ᠢᠨ ᢈᠢᠴᠢᠶᠡᠯ ᠒᠐᠑᠘᠆ ᠒᠐᠑᠙ ᠣᠨ ᠤ᠋ ᢈᠢᠴᠢᠶᠡᠯ ᠦ᠋ᠨ ᠵᠢᠯ ᠡᠴᠡ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠶ᠋ᠢᠨ ᠔᠆᠑᠒ ᠳ᠋ᠤᠭᠠᠷ ᠠᠩᢉᠢ ᠳ᠋ᠤ ᠪᠡᠶ᠎ᠡ ᠳᠠᠭᠠᠭᠠᠭᠰᠠᠨ ᢈᠢᠴᠢᠶᠡᠯ ᠪᠣᠯᠵᠤ᠂ ᠰᠤᠷᠭᠠᠯᠲᠠ ᠶ᠋ᠢᠨ ᠲᠥᠯᠦᠪᠯᠡᢉᠡᠨ ᠳ᠋ᠦ ᠵᠠᠪᠠᠯ ᠰᠤᠳᠤᠯᠬᠤ ᠠᠭᠤᠯᠭ᠎ᠠ ᠪᠠᠷ ᢈᠡᠷᠡᢉᠵᠢᠵᠦ ᠪᠠᠶᠢᠨ᠎ᠠ᠃ ᠨᠡᠶᠢᠲᠡ ᠒᠕᠑᠘ ᠪᠠᠭᠰᠢ ᠡᠷᠡᢉᠦᠯ ᠮᠡᠨᠳᠦ ᠶ᠋ᠢᠨ ᢈᠢᠴᠢᠶᠡᠯ ᠦ᠋ᠨ ᠵᠢᠭᠠᠵᠤ᠂ ᠴᠢᢉᠯᠡᢉᠦᠯᠵᠦ ᠪᠠᠶᠢᠭ᠎ᠠ ᠶ᠋ᠢᠨ ᠔᠙ ᠬᠤᠪᠢ ᠨᠢ ᠪᠢᠣᠯᠤᢉᠢ᠂ ᠡᠷᠡᢉᠦᠯ ᠮᠡᠨᠳᠦ ᠶ᠋ᠢᠨ ᠪᠠᠭᠰᠢ ᠶᠤᠮ᠃