Хаах

ᠪᠣᠯᠪᠠᠰᠤᠷᠠᠯ ᠤ᠋ᠨ ᠬᠠᠮᠲᠤ ᠶ᠋ᠢᠨ ᠠᠵᠢᠯᠯᠠᠭᠠᠨ ᠤ᠋ ᠪᠠᠷᠢᠮᠲᠠ ᠪᠢᠴᠢᢉ ᠦ᠋ᠨ ᢈᠡᠷᠡᢉᠵᠢᠯᠲᠡ ᠶ᠋ᠢ ᢈᠡᠯᠡᠯᠴᠡᠪᠡ

A- A A+
ᠪᠣᠯᠪᠠᠰᠤᠷᠠᠯ ᠤ᠋ᠨ ᠬᠠᠮᠲᠤ ᠶ᠋ᠢᠨ ᠠᠵᠢᠯᠯᠠᠭᠠᠨ ᠤ᠋ ᠪᠠᠷᠢᠮᠲᠠ ᠪᠢᠴᠢᢉ ᠦ᠋ᠨ ᢈᠡᠷᠡᢉᠵᠢᠯᠲᠡ ᠶ᠋ᠢ ᢈᠡᠯᠡᠯᠴᠡᠪᠡ

ᠪᠣᠯᠪᠠᠰᠤᠷᠠᠯ ᠤ᠋ᠨ ᠰᠠᠶᠢᠳ ᠫᠦ‍᠂ ᠨᠠᠷᠠᠨᠪᠠᠶᠠᠷ ᠪᠦ‍᠂ ᠨᠠ‍᠂ ᠬᠢ‍᠂ ᠠ‍᠂ ᠤ‍᠂ ᠠ᠋ᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᢉᠡᠳ ᠪᠦᠷᠢᠨ ᠡᠷᢈᠡᠲᠦ ᠡᠯᠴᠢᠨ ᠰᠠᠶᠢᠳ ᠱᠸᠨ ᠮᠢᠩᠵᠤᠸᠠᠩ ᠢ᠋ ᢈᠦᠯᠢᠶᠡᠨ ᠠᠪᠴᠤ ᠠᠭᠤᠯᠵᠠᠨ᠂ ᠪᠣᠯᠪᠠᠰᠤᠷᠠᠯ ᠤ᠋ᠨ ᠬᠠᠮᠲᠤ ᠶ᠋ᠢᠨ ᠠᠵᠢᠯᠯᠠᠭᠠᠨ ᠤ᠋ ᠪᠠᠷᠢᠮᠲᠠ ᠪᠢᠴᠢᢉ ᠦ᠋ᠨ ᢈᠡᠷᠡᢉᠵᠢᠯᠲᠡ᠂ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠨᠤᠭᠤᠳ ᠤ᠋ᠨ ᠴᠠᢈᠢᠮ ᠲᠥᢈᠦᢉᠡᠷᠦᠮᠵᠢ᠂ ᠤᠬᠠᠭᠠᠯᠢᠭ ᠲᠠᠩᢈᠢᠮ᠂ ᠰᠢ‍᠂ ᠤ‍᠂ ᠲᠸ‍᠂ ᠶᠡ‍᠂ ᠰᠤ‍᠂ ᠶ᠋ᠢᠨ ᠬᠠᠷᠢᠶ᠎ᠠ ᠣᠯᠠᠨ ᠤᠯᠤᠰ ᠤ᠋ᠨ ᠢᠨ᠋ᠵᠧᠨᠧᠷ ᠦ᠋ᠨ ᠰᠤᠷᠭᠠᠭᠤᠯᠢ ᠪᠠᠶᠢᠭᠤᠯᠬᠤ ᠲᠥᠰᠦᠯ ᠦ᠋ᠨ ᠲᠠᠯ᠎ᠠ ᠪᠠᠷ ᠰᠠᠨᠠᠯ ᠰᠣᠯᠢᠯᠴᠠᠪᠠ᠃

ᠲᠤᠬᠠᠶᠢᠯᠠᠪᠠᠯ᠂ ᠡᠨᠡ ᠣᠨ ᠳ᠋ᠤ ᠪᠠᠶᠢᠭᠤᠯᠤᠭᠰᠠᠨ «ᠪᠣᠯᠪᠠᠰᠤᠷᠠᠯ ᠤ᠋ᠨ ᠪᠠᠷᠢᠮᠲᠠ ᠪᠢᠴᠢᢉ᠂ ᠡᠷᠳᠡᠮ ᠦ᠋ᠨ ᠵᠡᠷᢉᠡ ᠶ᠋ᠢᠨ ᢉᠡᠷᠡᠴᠢᠯᠡᢉᠡ ᠶ᠋ᠢ ᠬᠠᠷᠢᠯᠴᠠᠨ ᢈᠦᠯᠢᠶᠡᠨ ᠵᠥᠪᠰᠢᠶᠡᠷᠡᢈᠦ ᠲᠤᠬᠠᠢ ᠮᠣᠩᠭᠣᠯ ᠤᠯᠤᠰ ᠤ᠋ᠨ ᠵᠠᠰᠠᠭ ᠤ᠋ᠨ ᠭᠠᠵᠠᠷ᠂ ᠪᠦ‍᠂ ᠨᠠ‍᠂ ᠬᠢ‍᠂ ᠠ‍᠂ ᠤ‍᠂ ᠤ᠋ᠨ ᠵᠠᠰᠠᠭ ᠤ᠋ᠨ ᠭᠠᠵᠠᠷ ᠬᠣᠭᠤᠷᠤᠨᠳᠤ ᠶ᠋ᠢᠨ ᢈᠡᠯᠡᠯᠴᠡᢉᠡᠷ» ᠦ᠋ᠨ ᢈᠡᠷᠡᢉᠵᠢᠯᠲᠡ ᠶ᠋ᠢ ᠳᠡᠮᠵᠢᢈᠦ᠂ ᠰᠠᠯᠪᠤᠷᠢ ᠶ᠋ᠢᠨ ᠮᠡᠳᠡᢉᠡᠯᠡᠯ ᠬᠠᠷᠢᠯᠴᠠᠭ᠎ᠠ ᠬᠣᠯᠪᠤᠭᠠᠨ ᠤ᠋ ᠳᠡᠳ᠋ ᠪᠦᠲᠦᠴᠡ ᠶ᠋ᠢ ᠰᠠᠶᠢᠵᠢᠷᠠᠭᠤᠯᠬᠤ᠂ ᠪᠣᠯᠪᠠᠰᠤᠷᠠᠯ ᠤ᠋ᠨ ᠪᠠᠶᠢᠭᠤᠯᠤᠯᠭ᠎ᠠ ᠶ᠋ᠢᠨ ᠴᠠᢈᠢᠮ ᠰᠤᠷᠭᠠᠯᠲᠠ ᠶ᠋ᠢᠨ ᠣᠷᠴᠢᠨ ᠢ᠋ ᠪᠦᠷᠢᠳᠦᢉᠦᠯᢈᠦ ᠵᠡᠷᢉᠡ ᠴᠢᢉᠯᠡᠯ ᠢ᠋ᠶᠡᠷ ᠶᠠᠷᠢᠯᠴᠠᠵᠤ᠂ ᠬᠠᠮᠲᠤ ᠶ᠋ᠢᠨ ᠠᠵᠢᠯᠯᠠᠭᠠᠨ ᠤ᠋ ᢈᠦᠷᠢᠶ᠎ᠡ ᠶ᠋ᠢ ᠲᠡᠯᠡᠵᠦ᠂ ᠥᠷᢉᠡᠵᠢᢉᠦᠯᢈᠦ ᠳ᠋ᠦ ᠰᠠᠨᠠᠯ ᠨᠢᢉᠡᠳᠦᠯ᠎ᠡ᠃