Хаах

ᢈᠦᠮᠦᠨ ᠠᠮᠠ ᠶ᠋ᠢᠨ ᠠᠮᠵᠢᠷᠠᠭᠠᠨ ᠤ᠋ ᠲᠦᠪᠰᠢᠨ᠂ ᠡᠳ᠋ ᠦ᠋ᠨ ᠵᠠᠰᠠᠭ ᠤ᠋ᠨ ᠥᠰᠦᠯᠲᠡ ᠳ᠋ᠦ ᠪᠣᠯᠪᠠᠰᠤᠷᠠᠯ ᠨᠡᠩ ᠴᠢᠬᠤᠯᠠ

A- A A+
ᢈᠦᠮᠦᠨ ᠠᠮᠠ ᠶ᠋ᠢᠨ ᠠᠮᠵᠢᠷᠠᠭᠠᠨ ᠤ᠋ ᠲᠦᠪᠰᠢᠨ᠂ ᠡᠳ᠋ ᠦ᠋ᠨ ᠵᠠᠰᠠᠭ ᠤ᠋ᠨ ᠥᠰᠦᠯᠲᠡ ᠳ᠋ᠦ ᠪᠣᠯᠪᠠᠰᠤᠷᠠᠯ ᠨᠡᠩ ᠴᠢᠬᠤᠯᠠ

ᠣᠯᠠᠨ ᠤᠯᠤᠰ ᠤ᠋ᠨ ᢈᠥᢉᠵᠢᠯ ᠦ᠋ᠨ ᠪᠣᠯᠤᠨ ᠳ᠋ᠣᠨᠤᠷ ᠪᠠᠶᠢᠭᠤᠯᠤᠯᠭ᠎ᠠ ᠠ᠋ᠴᠠ ᠪᠣᠯᠪᠠᠰᠤᠷᠠᠯ ᠤ᠋ᠨ ᠰᠠᠯᠪᠤᠷᠢ ᠳ᠋ᠤ ᢈᠡᠷᠡᢉᠵᠢᢉᠦᠯᠵᠦ ᠪᠤᠢ ᠲᠥᠰᠦᠯ ᢈᠥᠲᠦᠯᠪᠦᠷᠢ ᠶ᠋ᠢ ᠤᠶᠠᠯᠳᠤᠭᠤᠯᠬᠤ᠂ ᠦᠷ᠎ᠡ ᠳ᠋ᠦᠩ ᠲᠡᠢ ᠬᠠᠮᠲᠤ ᠶ᠋ᠢᠨ ᠠᠵᠢᠯᠯᠠᠭ᠎ᠠ᠂ ᠲᠦᠩᠰᠢᠯᠡᠯ ᠢ᠋ ᠵᠣᢈᠢᠴᠠᠭᠤᠯᠬᠤ ᠮᠧᠬᠠᠨᠢᠰᠮ ᠪᠤᠢ ᠪᠣᠯᠭᠠᠬᠤ᠂ ᠮᠣᠩᠭᠤᠯ ᠤᠯᠤᠰ ᠤ᠋ᠨ ᠪᠣᠯᠪᠠᠰᠤᠷᠠᠯ ᠤ᠋ᠨ ᠰᠠᠯᠪᠤᠷᠢ ᠶ᠋ᠢ ᠳᠡᠮᠵᠢᢈᠦ ᠣᠯᠠᠨ ᠨᠡᠶᠢᠲᠡ ᠶ᠋ᠢᠨ ᠪᠦᠯᠦᢉ (LEG) ᠶ᠋ᠢᠨ ᠳᠡᢉᠡᠳᠦ ᢈᠡᠮᠵᠢᠶᠡᠨ ᠦ᠋ ᠠᠭᠤᠯᠵᠠᠯᠲᠠ ᠪᠣᠯᠤᠯ᠎ᠠ᠃ ᠠᠭᠤᠯᠵᠠᠯᠲᠠ ᠳ᠋ᠤ ᠪᠣᠯᠪᠠᠰᠤᠷᠠᠯ ᠤ᠋ᠨ ᠶᠠᠮᠤᠨ᠂ ᠰᠠᠩ ᠤ᠋ᠨ ᠶᠠᠮᠤᠨ᠂ ᠭᠠᠳᠠᠭᠠᠳᠤ ᠬᠠᠷᠢᠯᠴᠠᠭᠠᠨ ᠤ᠋ ᠶᠠᠮᠤᠨ᠂ ᠡᠯᠴᠢᠨ ᠰᠠᠶᠢᠳ ᠤ᠋ᠨ ᠶᠠᠮᠤᠨ ᠨᠤᠭᠤᠳ᠂ ᠣᠯᠠᠨ ᠤᠯᠤᠰ ᠤ᠋ᠨ ᠪᠠᠶᠢᠭᠤᠯᠤᠯᠭ᠎ᠠ ᠶ᠋ᠢᠨ ᠰᠠᠭᠤᠷᠢᠨ ᠲᠥᠯᠦᢉᠡᠯᠡᢉᠴᠢ ᠶ᠋ᠢᠨ ᠭᠠᠵᠠᠷ ᠤ᠋ᠳ᠂ ᠲᠥᠷᠦ ᠶ᠋ᠢᠨ ᠪᠤᠰᠤ ᠪᠠᠶᠢᠭᠤᠯᠤᠯᠭ᠎ᠠ ᠨᠤᠭᠤᠳ᠂ ᠢᠷᢉᠡᠨ ᠦ᠋ ᠨᠡᠶᠢᢉᠡᠮ ᠦ᠋ᠨ ᠪᠠᠶᠢᠭᠤᠯᠤᠯᠭ᠎ᠠ ᠨᠤᠭᠤᠳ ᠵᠡᠷᢉᠡ ᠣᠯᠠᠨ ᠲᠠᠯ᠎ᠠ ᠶ᠋ᠢᠨ ᠲᠥᠯᠦᢉᠡᠯᠡᠯ ᠣᠷᠤᠯᠴᠠᠪᠠ᠃

ᠪᠣᠯᠪᠠᠰᠤᠷᠠᠯ ᠤ᠋ᠨ ᠰᠠᠶᠢᠳ ᠫᠦ᠊᠂ ᠨᠠᠷᠠᠨᠪᠠᠶᠠᠷ ᠪᠣᠯᠤᠨ ᠶᠠᠫᠤᠨ ᠤᠯᠤᠰ ᠠ᠋ᠴᠠ ᠮᠣᠩᠭᠤᠯ ᠤᠯᠤᠰ ᠲᠤ ᠰᠠᠭᠤᠭ᠎ᠠ ᠣᠨᠴᠠ ᠪᠥᢉᠡᠳ ᠪᠦᠷᠢᠨ ᠡᠷᢈᠡᠲᠦ ᠡᠯᠴᠢᠨ ᠰᠠᠶᠢᠳ ᠢᠭᠠᠸᠠᠬᠠᠷᠠ ᠮᠠᠰᠠᠷᠦ᠋ ᠨᠠᠷ ᠠᠭᠤᠯᠵᠠᠯᠲᠠ ᠶ᠋ᠢ ᠨᠡᢉᠡᢉᠡᠵᠦ ᠦᢉᠡ ᢈᠡᠯᠡᠨ᠂ ᠪᠣᠯᠪᠠᠰᠤᠷᠠᠯ ᠤ᠋ᠨ ᠶᠠᠮᠤᠨ ᠤ᠋ ᠲᠥᠷᠦ ᠶ᠋ᠢᠨ ᠨᠠᠷᠢᠨ ᠪᠢᠴᠢᢉ ᠦ᠋ᠨ ᠳᠠᠷᠤᠭ᠎ᠠ ᠬᠠ᠊᠂ ᠪᠠᠲᠤᠵᠢᠷᠭᠠᠯ ᠮᠣᠩᠭᠣᠯ ᠤᠯᠤᠰ ᠵᠠᠰᠠᠭ ᠤ᠋ᠨ ᠭᠠᠵᠠᠷ ᠤ᠋ᠨ ᠒᠐᠒᠔᠆᠒᠐᠒᠘ ᠣᠨ ᠤ᠋ ᠦᠶᠢᠯᠡ ᠠᠵᠢᠯᠯᠠᠭᠠᠨ ᠤ᠋ ᢈᠥᠲᠦᠯᠪᠦᠷᠢ ᠳ᠋ᠦ ᠲᠤᠰᠬᠠᠭᠳᠠᠭᠰᠠᠨ ᠪᠣᠯᠪᠠᠰᠤᠷᠠᠯ ᠤ᠋ᠨ ᠰᠠᠯᠪᠤᠷᠢ ᠳ᠋ᠤ ᢈᠡᠷᠡᢉᠵᠢᢈᠦ ᠠᠷᠭ᠎ᠠ ᢈᠡᠮᠵᠢᠶ᠎ᠡ᠂ ᠠᠵᠢᠯ ᠤ᠋ᠳ ᠤ᠋ᠨ ᠲᠠᠯ ᠠ ᠪᠠᠷ ᠮᠡᠳᠡᢉᠡᠯᠡᠯ ᠥᢉᢉᠦᠯ ᠡ᠋᠃

ᠮᠣᠩᠭᠣᠯ ᠤᠯᠤᠰ ᠤ᠋ᠨ ᠪᠣᠯᠪᠠᠰᠤᠷᠠᠯ ᠤ᠋ᠨ ᠰᠠᠯᠪᠤᠷᠢ ᠶ᠋ᠢ ᠳᠡᠮᠵᠢᢈᠦ ᠣᠯᠠᠨ ᠨᠡᠶᠢᠲᠡ ᠶ᠋ᠢᠨ ᠪᠦᠯᠦᢉ ᠨᠢ ᠵᠢᠯ ᠳ᠋ᠦ ᠬᠣᠶᠠᠷ ᠤᠳᠠᠭ᠎ᠠ ᠳᠡᢉᠡᠳᠦ ᢈᠡᠮᠵᠢᠶᠡᠨ ᠦ᠋ ᠠᠭᠤᠯᠵᠠᠯᠲᠠ ᢈᠢᠵᠦ᠂ ᠪᠣᠯᠪᠠᠰᠤᠷᠠᠯ ᠤ᠋ᠨ ᠰᠢᠨᠡᠴᠢᠯᠡᠯ᠂ ᠳᠤᠮᠳᠠ᠂ ᠪᠣᠭᠤᠨᠢ ᠬᠤᠭᠤᠴᠠᠭᠠᠨ ᠤ᠋ ᠲᠥᠯᠦᠪᠯᠡᠯᠲᠡ ᠶ᠋ᠢ ᢈᠡᠷᠡᢉᠵᠢᢉᠦᠯᢈᠦ᠂ ᠪᠣᠳᠤᠯᠭ᠎ᠠ᠂ ᠠᠷᠭ᠎ᠠ ᢈᠡᠮᠵᠢᠶᠡᠨ ᠦ᠋ ᢈᠡᠷᠡᢉᠵᠢᠯᠲᠡ ᠳ᠋ᠦ ᠳᠡᠮᠵᠢᠯᢉᠡ ᠦᠵᠡᢉᠦᠯᢈᠦ᠂ ᠰᠠᠩᢈᠦᠵᠢᠯᠲᠡ ᠣᠯᠭᠤᠬᠤ ᠴᠢᢉᠯᠡᠯ ᠢ᠋ᠶᠡᠷ ᠵᠥᠪᠯᠡᠯᠳᠦᠳᠡᢉ᠃ ᠡᠨᠡ ᠤᠳᠠᠭ᠎ᠠ ᠶ᠋ᠢᠨ ᠠᠭᠤᠯᠵᠠᠯᠲᠠ ᠨᠢ ᠡᠨᠡ ᠣᠨ ᠤ᠋ ᠬᠣᠶᠠᠷ ᠲᠠᢈᠢ᠂ ᠵᠠᠰᠠᠭ ᠤ᠋ᠨ ᠭᠠᠵᠠᠷ ᠤ᠋ᠨ ᠪᠦᠲᠦᠴᠡ ᠰᠢᠨᠡᠴᠢᠯᠡᢉᠳᠡᢉᠰᠡᠨ ᠡᠴᠡ ᠬᠣᠶᠢᠰᠢ ᠵᠣᢈᠢᠶᠠᠨ ᠪᠠᠶᠢᠭᠤᠯᠤᠭᠳᠠᠵᠤ ᠪᠤᠢ ᠡᢈᠢᠨ ᠦ᠋ ᠠᠭᠤᠯᠵᠠᠯᠲᠠ ᠶᠤᠮ᠃

ᠣᠯᠠᠨ ᠨᠡᠶᠢᠲᠡ ᠶ᠋ᠢᠨ ᠪᠦᠯᠦᢉ ᠦ᠋ᠨ ᢉᠡᠰᠢᢉᠦᠳ ᠒᠐᠒᠔᠆᠒᠐᠒᠘ ᠣᠨ ᠳ᠋ᠤ ᢈᠡᠷᠡᢉᠵᠢᢈᠦ ᠠᠷᠭ᠎ᠠ ᢈᠡᠮᠵᠢᠶ᠎ᠡ᠂ ᢈᠥᠷᠦᠩᢉᠡ ᠣᠷᠤᠭᠤᠯᠤᠯᠲᠠ ᠶ᠋ᠢᠨ ᢈᠡᠷᠡᢉᠴᠡᢉᠡᠨ ᠦ᠋ ᠲᠠᠯ ᠠ᠋ ᠪᠠᠷ ᠰᠠᠨᠠᠯ ᠰᠣᠯᠢᠯᠴᠠᠵᠤ᠂ «ᠲᠡᢉᠰᠢ ᠪᠣᠯᠤᠮᠵᠢ ᠶ᠋ᠢ ᠪᠦᠷᠢᠳᠦᢉᠦᠯᢈᠦ ᠵᠠᠮ ᠢ᠋ᠶᠠᠷ ᠰᠤᠷᠤᠯᠴᠠᠬᠤᠢ ᠶ᠋ᠢ ᠳᠡᠮᠵᠢᢈᠦ» ᠲᠥᠰᠦᠯ ᠦ᠋ᠨ ᢈᠡᠷᠡᢉᠵᠢᠯᠲᠡ ᠶ᠋ᠢ ᠳ᠋ᠦᠩᠨᠡᠨ᠂ ᠲᠥᠰᠦᠯ ᠦ᠋ᠨ ᠬᠤᠭᠤᠴᠠᠭ᠎ᠠ ᠶ᠋ᠢ ᠰᠤᠩᠭᠠᠬᠤ ᠲᠠᠯᠠᠭᠠᠷᢈᠢ ᢈᠦᠰᠡᠯᠲᠡ ᠪᠡᠨ «ᠪᠣᠯᠪᠠᠰᠤᠷᠠᠯ ᠤ᠋ᠨ ᠲᠥᠯᠦᢉᠡᢈᠦ ᠳᠡᠯᠡᢈᠡᠢ ᠨᠡᠶᠢᠲᠡ ᠶ᠋ᠢᠨ ᠲᠦᠩᠰᠢᠯᠡᠯ» /GPE/ ᠪᠠᠶᠢᠭᠤᠯᠤᠯᠭ᠎ᠠ ᠳ᠋ᠤ ᢈᠦᠷᢈᠡᢉᠦᠯᢈᠦ ᠪᠡᠷ ᠪᠣᠯᠤᠯ ᠠ᠋᠃ ᠢᠷᠡᢈᠦ ᠣᠨ ᠤ᠋ ᠤᠯᠤᠰ ᠤ᠋ᠨ ᠲᠥᠰᠦᠪ ᠢ᠋ ᠤ‍᠂ ᠶᠡ‍᠂ ᠬᠤ‍᠂ ᠶ᠋ᠢᠠᠷ ᢈᠡᠯᠡᠯᠴᠡᠵᠦ ᠪᠠᠶᠢᠭ᠎ᠠ ᠡᠨᠡ ᠴᠠᠭ ᠦᠶ᠎ᠡ ᠳ᠋ᠦ ᠨᠢᢉᠡᠳᠦᢉᠰᠡᠨ ᠣᠶᠢᠯᠠᠭᠠᠯᠲᠠ ᠳ᠋ᠤ ᢈᠦᠷᠴᠦ᠂ ᠰᠠᠯᠪᠤᠷᠢ ᠳ᠋ᠤ ᢈᠡᠷᠡᢉᠵᠢᠵᠦ ᠪᠤᠢ ᠪᠦᢈᠦ ᠠᠵᠢᠯ ᠢ᠋ ᠤᠶᠠᠯᠳᠤᠭᠤᠯᠬᠤ ᠴᠢᠬᠤᠯᠠ ᠠᠴᠢ ᠬᠣᠯᠪᠤᠭᠳᠠᠯ ᠲᠠᠢ ᠠᠭᠤᠯᠵᠠᠯᠲᠠ ᠪᠣᠯᠵᠤ ᠪᠠᠶᠢᠭ᠎ᠠ ᠶ᠋ᠢ ᠠᠭᠤᠯᠵᠠᠯᠲᠠ ᠳ᠋ᠤ ᠣᠷᠤᠯᠴᠠᠭᠴᠢ ᠳ᠋ᠤ ᢈᠡᠯᠡᠵᠦ᠂ ᠪᠣᠯᠪᠠᠰᠤᠷᠠᠯ ᠤ᠋ᠨ ᠰᠠᠯᠪᠤᠷᠢ ᠳ᠋ᠤ ᠬᠠᠩᠭᠠᠯᠲᠠᠲᠠᠢ ᢈᠡᠮᠵᠢᠶᠡᠨ ᠳ᠋ᠦ ᢈᠥᠷᠦᠩᢉᠡ ᠣᠷᠤᠭᠤᠯᠤᠭᠰᠠᠨ ᠢ᠋ᠶᠠᠷ ᢈᠦᠮᠦᠨ ᠠᠮᠠ ᠶ᠋ᠢᠨ ᠪᠣᠯᠪᠠᠰᠤᠷᠠᠯ ᠤ᠋ᠨ ᠲᠦᠪᠰᠢᠨ᠂ ᠴᠢᠨᠠᠷ ᠰᠠᠶᠢᠵᠢᠷᠠᠵᠤ᠂ ᠴᠢᠨᠠᠭᠰᠢᠯᠠᠭᠠᠳ ᠠᠮᠢᠵᠢᠷᠠᠭᠠᠨ ᠤ᠋ ᠲᠦᠪᠰᠢᠨ᠂ ᠡᠳ᠋ ᠦ᠋ᠨ ᠵᠠᠰᠠᠭ ᠤ᠋ᠨ ᠥᠰᠦᠯᠲᠡ ᠳ᠋ᠦ ᠨᠡᠩ ᠴᠢᠬᠤᠯᠠ ᢉᠡᠳᠡᢉ ᠢ᠋ ᠣᠨᠴᠠᠯᠠᠵᠤ ᠪᠠᠶᠢᠪᠠ᠃