ᠮᠣᠩᠭᠤᠯ ᠤᠯᠤᠰ ᠤ᠋ᠨ ᠵᠠᠰᠠᠭ ᠤ᠋ᠨ ᠭᠠᠵᠠᠷ ᠤ᠋ᠨ ᠒᠐᠒᠔᠆᠒᠐᠒᠘ ᠣᠨ ᠤ᠋ ᠦᠶᠢᠯᠡ ᠠᠵᠢᠯᠯᠠᠭᠠᠨ ᠤ᠋ ᠲᠥᠯᠦᠪᠯᠡᢉᠡᠨ ᠳ᠋ᠦ ᠲᠤᠰᠤᠭᠰᠠᠨ «ᠰᠤᠷᠤᠯᠴᠠᠭᠴᠢ ᠬᠣᠲᠠ» ᠠᠷᠭᠠ ᢈᠡᠮᠵᠢᠶᠡᠨ ᠦ᠋ ᢈᠦᠷᠢᠶᠡᠨ ᠳ᠋ᠦ ᠪᠣᠯᠪᠠᠰᠤᠷᠠᠯ ᠤ᠋ᠨ ᠶᠠᠮᠤᠨ ᠤ᠋ ᠨᠠᠰᠤᠨ ᠲᠤᠷᠰᠢ ᠶ᠋ᠢᠨ ᠰᠤᠷᠤᠯᠴᠠᠬᠤᠢ ᠶ᠋ᠢᠨ ᢈᠡᠯᠲᠡᠰ ᠡᠴᠡ ᠢᠷᠯᠠᠨ᠋ᠳ᠋ ᠤᠯᠤᠰ ᠤ᠋ᠨ ᠻᠣᠷᠻ ᠬᠣᠲᠠ ᠶ᠋ᠢᠨ ᠻᠣᠷᠻ ᠶᠡᢈᠡ ᠰᠤᠷᠭᠠᠭᠤᠯᠢ ᠶ᠋ᠢᠨ ᠳ᠋ᠣᠻᠲ᠋ᠣᠷ ᠫᠷᠤᠹᠧᠰᠰᠤᠷ ᠰᠢᠠᠮᠦᠰ ᠣ ᠲᠤᠶᠢᠮᠠᠭ ᠤᠷᠢᠵᠤ᠂ ᠰᠤᠷᠤᠯᠴᠠᠭᠴᠢ ᠻᠣᠷᠻ ᠬᠣᠲᠠ ᠶ᠋ᠢᠨ ᠲᠤᠷᠰᠢᠯᠭᠠ᠂ ᠨᠠᠰᠤᠨ ᠲᠤᠷᠰᠢ ᠶ᠋ᠢᠨ ᠰᠤᠷᠤᠯᠴᠠᠬᠤᠢ ᠶ᠋ᠢᠨ ᠦᠨᠡᠲᠦ ᠵᠦᠢᠯᠡᠰ᠂ ᠪᠣᠳᠤᠯᠭᠠ ᠴᠢᢉᠯᠡᠯ ᠦ᠋ᠨ ᠲᠠᠯᠠᠭᠠᠷᢈᠢ ᠰᠤᠷᠭᠠᠯᠲᠠ ᠶ᠋ᠢ ᠵᠣᢈᠢᠶᠠᠨ ᠪᠠᠶᠢᠭᠤᠯᠤᠯᠠ᠃
ᠰᠤᠷᠭᠠᠯᠲᠠ ᠳ᠋ᠤ ᠠᠶᠢᠮᠠᠭ᠂ ᠳᠡᢉᠦᠷᢉᠡ ᠶ᠋ᠢᠨ ᠢᠷᢉᠡᠳ ᠦ᠋ᠨ ᠲᠥᠯᠦᢉᠡᠯᠡᢉᠴᠢᠳ ᠦ᠋ᠨ ᠬᠤᠷᠠᠯ᠂ ᠵᠠᠰᠠᠭ ᠳᠠᠷᠤᠭᠠ ᠶ᠋ᠢᠨ ᠲᠠᠮᠠᠭᠠ ᠶ᠋ᠢᠨ ᠭᠠᠵᠠᠷ ᠤ᠋ᠨ ᠳᠠᠷᠤᠭᠠ᠂ ᠬᠠᠮᠲᠤᠷᠠᠨ ᠠᠵᠢᠯᠯᠠᠳᠠᠭ ᠲᠥᠷᠦ ᠶ᠋ᠢᠨ ᠪᠤᠰᠤ ᠪᠠᠶᠢᠭᠤᠯᠤᠯᠭᠠ ᠨᠤᠭᠤᠳ ᠤ᠋ᠨ ᠲᠥᠯᠦᢉᠡᠯᠡᠯ᠂ ᠨᠠᠰᠤᠨ ᠲᠤᠷᠰᠢ ᠶ᠋ᠢᠨ ᠰᠤᠷᠤᠯᠴᠠᠬᠤᠢ ᠶ᠋ᠢᠨ ᠲᠥᠪ ᠦ᠋ᠨ ᠤᠳᠤᠷᠢᠳᠤᠯᠭᠠ ᠨᠤᠭᠤᠳ ᠪᠣᠯᠤᠨ ᠪᠣᠯᠪᠠᠰᠤᠷᠠᠯ ᠤ᠋ᠨ ᠶᠡᠷᠦᠩᢈᠡᠢ ᠭᠠᠵᠠᠷ ᠤ᠋ᠨ ᠨᠠᠰᠤᠨ ᠲᠤᠷᠰᠢ ᠶ᠋ᠢᠨ ᠪᠣᠯᠪᠠᠰᠤᠷᠠᠯ ᠤ᠋ᠨ ᢈᠡᠯᠲᠡᠰ ᠦ᠋ᠨ ᠠᠯᠪᠠᠨ ᠬᠠᠭᠠᠭᠴᠢ ᠳ᠋ᠤ ᠬᠠᠮᠤᠷᠤᠭᠳᠠᠪᠠ᠃
ᠡᠨᠡ ᢈᠦ ᠰᠤᠷᠭᠠᠯᠲᠠ ᠪᠠᠷ ᠨᠠᠰᠤᠨ ᠲᠤᠷᠰᠢ ᠶ᠋ᠢᠨ ᠰᠤᠷᠤᠯᠴᠠᠬᠤᠢ ᠶ᠋ᠢᠨ ᠨᠢᢉᠡᠳᠦᢉᠰᠡᠨ ᠣᠶᠢᠯᠠᠭᠠᠯᠲᠠ ᠮᠡᠳᠡᢉᠡᠯᠡᠯ ᠲᠡᠢ ᠪᠣᠯᠵᠤ᠂ ᠠᠶᠢᠮᠠᠭ᠂ ᠳᠡᢉᠦᠷᢉᠡ ᠶ᠋ᠢᠨ ᠨᠠᠰᠤᠨ ᠲᠤᠷᠰᠢ ᠶ᠋ᠢᠨ ᠰᠤᠷᠤᠯᠴᠠᠬᠤᠢ ᠶ᠋ᠢᠨ ᠲᠥᠪ ᠦ᠋ᠳ ᠦ᠋ᠨ ᠒᠐᠒᠕ ᠣᠨ ᠤ᠋ ᠲᠥᠯᠦᠪᠯᠡᢉᠡᠨ ᠳ᠋ᠦ ᠲᠤᠰᠬᠠᠨ᠂ ᠢᠷᢉᠡᠳ ᠴᠠᠭ ᠬᠤᠭᠤᠴᠠᠭᠠ᠂ ᠣᠷᠤᠨ ᠵᠠᠢ ᠶ᠋ᠢ ᠦᠯᠦ ᠬᠠᠮᠢᠶᠠᠷᠤᠨ᠂ ᠠᠮᠢᠳᠤᠷᠠᠯ ᠤ᠋ᠨ ᠣᠷᠴᠢᠨ ᠤ᠋ ᠠᠯᠪᠠᠨ ᠪᠤᠰᠤ ᠰᠤᠷᠭᠠᠯᠲᠠ᠂ ᠤᠶᠠᠨ ᠬᠠᠲᠠᠨ ᠠᠷᠭᠠ ᠪᠠᠷ ᠰᠤᠷᠤᠯᠴᠠᠬᠤ ᠳ᠋ᠤ ᠳᠡᠮᠵᠢᠯᢉᠡ ᠦᠵᠡᢉᠦᠯᢈᠦ ᠶᠤᠮ᠃