ᠪᠣᠯᠪᠠᠰᠤᠷᠠᠯ ᠤ᠋ᠨ ᠰᠠᠶᠢᠳ ᠫᠦ᠂ ᠨᠠᠷᠠᠨᠪᠠᠶᠠᠷ ᠶᠠᠫᠤᠨ ᠰᠠᠩ /Japan Foundation/ ᠤ᠋ᠨ ᠶᠡᠷᠦᠩᢈᠡᠶᠢᠯᠡᢉᠴᠢ ᠶ᠋ᠢᠨ ᠵᠥᠪᠯᠡᢈᠦ ᠣᠲ᠋ᠠᠨᠢ ᠻᠧᠶᠢᠰᠦ᠋ᠻᠸ ᠲᠡᠷᠢᢉᠦᠲᠡᠢ ᠲᠥᠯᠦᢉᠡᠯᠡᢉᠴᠢᠳ ᠢ᠋ ᢈᠦᠯᠢᠶᠡᠨ ᠠᠪᠴᠤ ᠠᠭᠤᠯᠵᠠᠨ ᠬᠠᠮᠲᠤ ᠶ᠋ᠢᠨ ᠠᠵᠢᠯᠯᠠᠭᠠᠨ ᠤ᠋ ᠰᠠᠨᠠᠯ ᠰᠣᠯᠢᠯᠴᠠᠯᠠ᠃
ᠶᠠᠫᠣᠨ ᠰᠠᠩ ᠨᠢ ᠶᠠᠫᠣᠨ ᢈᠡᠯᠡᠨ ᠦ᠋ ᠪᠣᠯᠪᠠᠰᠤᠷᠠᠯ ᠪᠣᠯᠤᠨ ᠪᠠᠭᠰᠢ᠂ ᠰᠤᠷᠤᠯᠴᠠᠭᠴᠢᠳ ᠢ᠋ ᠳᠡᠮᠵᠢᢈᠦ᠂ ᠶᠠᠫᠣᠨ ᢈᠡᠯᠡ᠂ ᠰᠣᠶᠤᠯ ᠢ᠋ ᠰᠤᠷᠲᠠᠯᠴᠢᠯᠠᠬᠤ᠂ ᠲᠦᢉᠡᢉᠡᠨ ᠳᠡᠯᢉᠡᠷᠡᢉᠦᠯᢈᠦ ᠵᠣᠷᠢᠯᠭᠠ ᠪᠠᠷ ᠠᠽᠢ ᠶ᠋ᠢᠨ ᠣᠷᠤᠨ ᠨᠤᠭᠤᠳ ᠲᠤ ᠒᠐᠑᠔ ᠣᠨ ᠠ᠋ᠴᠠ “NIHONGO Partners” ᢈᠥᠲᠦᠯᠪᠦᠷᠢ ᠶ᠋ᠢ ᢈᠡᠷᠡᢉᠵᠢᢉᠦᠯᠵᠦ ᠡᢈᠢᠯᠡᠵᠡᠢ᠃ ᢈᠥᠲᠦᠯᠪᠦᠷᠢ ᠶ᠋ᠢᠨ ᢈᠦᠷᠢᠶᠡᠨ ᠳ᠋ᠦ ᠤᠷᠲᠤ ᠬᠤᠭᠤᠴᠠᠭᠠᠨ ᠤ᠋᠂ ᠪᠣᠭᠤᠨᠢ ᠬᠤᠭᠤᠴᠠᠭᠠᠨ ᠤ᠋᠂ ᠶᠡᢈᠡ ᠰᠤᠷᠭᠠᠭᠤᠯᠢ ᠨᠤᠭᠤᠳ ᠤ᠋ᠨ ᠬᠠᠮᠲᠤ ᠶ᠋ᠢᠨ ᠠᠵᠢᠯᠯᠠᠭᠠ ᢉᠡᠰᠡᠨ ᠭᠤᠷᠪᠠᠨ ᠳᠡᠳ᠋ ᢈᠥᠲᠦᠯᠪᠦᠷᠢ ᠶ᠋ᠢ ᢈᠡᠷᠡᢉᠵᠢᢉᠦᠯᠳᠡᢉ ᠪᠥᢉᠡᠳ ᠒᠐᠑᠔ ᠣᠨ ᠠ᠋ᠴᠠ ᠬᠣᠶᠢᠰᠢ ᠠᠽᠢ ᠶ᠋ᠢᠨ ᠑᠑ ᠤᠯᠤᠰ ᠲᠤ ᠓᠐᠓᠕ ᠪᠠᠭᠰᠢ ᠶ᠋ᠢᠨ ᠲᠤᠰᠠᠯᠠᠬᠤ ᠶ᠋ᠢ ᠢᠯᠡᢉᠡᠨ᠂ ᠶᠠᠫᠣᠨ ᢈᠡᠯᠡᠨ ᠦ᠋ ᠪᠠᠭᠰᠢ᠂ ᠶᠠᠫᠣᠨ ᢈᠡᠯᠡᠨ ᠦ᠋ ᠴᠢᢉᠯᠡᠯ ᠢ᠋ᠶᠡᠷ ᠰᠤᠷᠤᠯᠴᠠᠵᠤ ᠪᠤᠢ ᠣᠶᠤᠲᠠᠨ ᠨᠤᠭᠤᠳ ᠲᠤ ᠲᠤᠰᠠᠯᠠᠬᠤ᠂ ᠵᠥᠪᠯᠡᢈᠦ᠂ ᠳᠡᠮᠵᠢᢈᠦ ᠴᠢᢉᠯᠡᠯ ᠢ᠋ᠶᠡᠷ ᠠᠵᠢᠯᠯᠠᠭᠤᠯᠤᠭᠰᠠᠨ ᠪᠠᠶᠢᠨᠠ᠃
“NIHONGO Partners” ᢈᠥᠲᠦᠯᠪᠦᠷᠢ ᠶ᠋ᠢᠨ ᢈᠦᠷᠢᠶᠡ ᠶ᠋ᠢ ᠲᠡᠯᠡᠵᠦ᠂ ᠢᠷᠡᢈᠦ ᠣᠨ ᠳ᠋ᠤ ᠮᠣᠩᠭᠣᠯ ᠶᠠᠫᠤᠨ ᠤ᠋ ᢈᠦᠮᠦᠨ ᠦ᠋ ᠨᠥᢉᠡᠴᠡ ᠶ᠋ᠢᠨ ᢈᠥᢉᠵᠢᠯ ᠦ᠋ᠨ ᠲᠥᠪ ᠲᠦ ᠲᠦᠰᠢᢉᠯᠡᠨ ᠪᠣᠭᠤᠨᠢ ᠬᠤᠭᠤᠴᠠᠭᠠᠨ ᠤ᠋ ᠳᠡᠳ᠋ ᢈᠥᠲᠦᠯᠪᠦᠷᠢ ᢈᠡᠷᠡᢉᠵᠢᢉᠦᠯᢈᠦ ᠪᠠᠭ ᠢ᠋ ᠮᠣᠩᠭᠣᠯ ᠤᠯᠤᠰ ᠲᠤ ᠢᠯᠡᢉᠡᢈᠦ ᠪᠡᠷ ᠲᠥᠯᠦᠪᠯᠡᠵᠦ ᠪᠤᠢ ᠪᠠᠨ ᠶᠠᠫᠤᠨ ᠰᠠᠩ ᠤ᠋ᠨ ᠶᠡᠷᠦᠩᢈᠡᠶᠢᠯᠡᢉᠴᠢ ᠶ᠋ᠢᠨ ᠵᠥᠪᠯᠡᢈᠦ ᠣᠲ᠋ᠠᠨᠢ ᠻᠧᠶᠢᠰᠦ᠋ᠻᠸ ᠤᠯᠠᠮᠵᠢᠯᠠᠵᠤ᠂ ᠮᠣᠩᠭᠣᠯ ᠤᠯᠤᠰ ᠤ᠋ᠨ ᠪᠣᠯᠪᠠᠰᠤᠷᠠᠯ ᠤ᠋ᠨ ᠶᠠᠮᠤᠨ ᠲᠠᠢ ᠬᠠᠮᠲᠤ ᠶ᠋ᠢᠨ ᠠᠵᠢᠯᠯᠠᠭᠠᠨ ᠤ᠋ ᠪᠠᠷᠢᠮᠲᠠ ᠪᠢᠴᠢᢉ ᠪᠠᠶᠢᠭᠤᠯᠬᠤ ᢈᠦᠰᠡᠯᠲᠡ ᠪᠡᠨ ᠢᠯᠡᠷᢈᠡᠶᠢᠯᠡᠯᠡ᠃ “NIHONGO Partners” ᢈᠥᠲᠦᠯᠪᠦᠷᠢ ᠨᠢ ᠬᠣᠶᠠᠷ ᠤᠯᠤᠰ ᠤ᠋ᠨ ᠪᠣᠯᠪᠠᠰᠤᠷᠠᠯ᠂ ᠭᠠᠳᠠᠭᠠᠳᠤ ᠬᠠᠷᠢᠯᠴᠠᠭᠠᠨ ᠤ᠋ ᠬᠠᠮᠲᠤ ᠶ᠋ᠢᠨ ᠠᠵᠢᠯᠯᠠᠭᠠᠨ ᠳ᠋ᠤ ᠴᠢᠬᠤᠯᠠ ᠠᠴᠢ ᠬᠣᠯᠪᠤᠭᠳᠠᠯ ᠲᠠᠢ ᠲᠤᠯᠠ ᠳᠡᠮᠵᠢᠨ ᠠᠵᠢᠯᠯᠠᠨᠠ ᢉᠡᠳᠡᢉ ᠢ᠋ᠶᠡᠨ ᠪᠣᠯᠪᠠᠰᠤᠷᠠᠯ ᠤ᠋ᠨ ᠰᠠᠶᠢᠳ ᠫᠦ᠂ ᠨᠠᠷᠠᠨᠪᠠᠶᠠᠷ ᢈᠡᠯᠡᠪᠡ᠃