ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠶ᠋ᠢᠨ ᠰᠢᠨᠵᠢᠯᠡᢈᠦ ᠤᠬᠠᠭᠠᠨ᠂ ᠲᠧᠻᠨᠤᠯᠤᢉᠢ᠂ ᠠᠭᠤᠷ ᠠᠮᠢᠰᠬᠤᠯ ᠤ᠋ᠨ ᠥᢉᠡᠷᠡᠴᠢᠯᠡᠯᠲᠡ ᠶ᠋ᠢᠨ ᠲᠠᠯᠠᠭᠠᠷᢈᠢ ᠪᠣᠯᠪᠠᠰᠤᠷᠠᠯ᠂ ᠰᠤᠷᠭᠠᠯᠲᠠ ᠶ᠋ᠢᠨ ᠢᠨ᠋᠊ᠨᠤᠸᠠᠼ᠂ ᠬᠠᠮᠲᠤ ᠶ᠋ᠢᠨ ᠠᠵᠢᠯᠯᠠᠭᠠ ᠶ᠋ᠢ ᠳᠡᠮᠵᠢᢈᠦ ᠴᠢᢉᠯᠡᠯ ᠢ᠋ᠶᠡᠷ ᢈᠡᠷᠡᢉᠵᠢᢈᠦ ᠲᠥᠰᠦᠯ ᠦ᠋ᠨ ᠵᠠᠭᠪᠤᠷ ᠢ᠋ ᢈᠡᠯᠡᠯᠴᠡᠯᠡ᠃
ᠲᠥᠰᠦᠯ ᠦ᠋ᠨ ᢈᠦᠷᠢᠶᠡᠨ ᠳ᠋ᠦ ᠳᠥᠷᠪᠡᠨ ᠰᠤᠷᠭᠠᠭᠤᠯᠢ ᠳ᠋ᠤ ᠰᠢᠨᠵᠢᠯᠡᢈᠦ ᠤᠬᠠᠭᠠᠨ᠂ ᠲᠧᠻᠨᠣᠯᠣᢉᠢ᠂ ᠠᠭᠤᠷ ᠠᠮᠢᠰᠬᠤᠯ ᠤ᠋ᠨ ᠥᢉᠡᠷᠡᠴᠢᠯᠡᠯᠲᠡ ᠶ᠋ᠢᠨ ᠪᠣᠯᠪᠠᠰᠤᠷᠠᠯ ᠣᠯᠭᠤᠬᠤ ᠯᠠᠪᠣᠷᠠᠲ᠋ᠣᠷᠢ ᠪᠠᠶᠢᠭᠤᠯᠵᠤ᠂ ᠱᠠᠭᠠᠷᠳᠠᠯᠭᠠᠲᠠᠢ ᠪᠠᠭᠠᠵᠢ ᢈᠡᠷᠡᢉᠰᠡᠯ᠂ ᠲᠣᠨᠤᠭ ᠲᠥᢈᠦᢉᠡᠷᠦᠮᠵᠢ ᠪᠡᠷ ᠬᠠᠩᠭᠠᠬᠤ ᠪᠥᢉᠡᠳ ᠠᠽᠢ ᠶ᠋ᠢᠨ ᢈᠥᢉᠵᠢᠯ ᠦ᠋ᠨ ᠪᠠᠩᢉᠢ ᠶ᠋ᠢᠨ ᠪᠤᠴᠠᠯᠲᠠ ᠦᢉᠡᠢ ᠲᠤᠰᠠᠯᠠᠮᠵᠢ ᠪᠠᠷ ᠒᠐᠒᠕᠒᠒᠐᠒᠙ ᠣᠨ ᠳ᠋ᠤ ᢈᠡᠷᠡᢉᠵᠢᢉᠦᠯᠦᠨᠡ᠃ ᠤᠭ ᠲᠥᠰᠦᠯ ᠢ᠋ ᢈᠡᠷᠡᢉᠵᠢᢉᠦᠯᠦᢉᠰᠡᠨ ᠢ᠋ᠶᠡᠷ ᠰᠤᠷᠤᠭᠴᠢᠳ ᠤ᠋ᠨ ᠰᠢᠨᠵᠢᠯᠡᢈᠦ ᠤᠬᠠᠭᠠᠨ ᠤ᠋ ᠦᠨᠳᠦᠰᠦᠯᠡᠯ ᠭᠠᠷᠭᠠᠬᠤ ᠴᠢᠳᠠᠪᠤᠷᠢ᠂ ᠠᠭᠤᠷ ᠠᠮᠢᠰᠬᠤᠯ ᠤ᠋ᠨ ᠥᢉᠡᠷᠡᠴᠢᠯᠡᠯᠲᠡ ᠳ᠋ᠦ ᠳᠠᠰᠤᠨ ᠵᠣᢈᠢᠴᠠᠬᠤ ᠪᠡᠯᠡᠳᢈᠡᠯ᠂ ᠰᠢᠨᠵᠢᠯᠡᢈᠦ ᠤᠬᠠᠭᠠᠨ᠂ ᠲᠧᠻᠨᠣᠯᠣᢉᠢ ᠶ᠋ᠢᠨ ᢈᠢᠴᠢᠶᠡᠯ ᠢ᠋ ᠲᠥᠯᠦᠪᠯᠡᠨ ᠵᠣᢈᠢᠶᠠᠨ ᠪᠠᠶᠢᠭᠤᠯᠬᠤ ᠪᠠᠭᠰᠢ ᠨᠠᠷ ᠤ᠋ᠨ ᠴᠢᠳᠠᠪᢈᠢ ᠰᠠᠶᠢᠵᠢᠷᠠᠵᠤ᠂ ᠳᠡᢉᠡᠷᠡᢈᠢ ᠴᠢᢉᠯᠡᠯ ᠦ᠋ᠨ ᠳᠠᠳᠤᠯᠭᠠᠵᠢᠭᠰᠠᠨ ᠰᠤᠷᠭᠠᠯᠲᠠ ᠶ᠋ᠢᠨ ᠠᠷᠭᠠ ᢈᠡᠮᠵᠢᠶᠡ ᠨᠦ᠋ᢉᠦᠳ ᠲᠣᠭᠲᠠᠪᠤᠷᠢᠵᠢᠨ᠂ ᠰᠢᠨᠡᠯᠢᢉ ᠪᠣᠯᠪᠠᠰᠤᠷᠠᠯ ᠣᠯᠭᠤᠬᠤ ᠰᠤᠷᠭᠠᠭᠤᠯᠢ ᠶ᠋ᠢᠨ ᠲᠠᠭᠠᠲᠠᠢ ᠣᠷᠴᠢᠨ ᠪᠡᢈᠢᠵᠢᠨᠡ ᢈᠡᠮᠡᠨ ᠦᠵᠡᠵᠦ ᠪᠠᠶᠢᠨᠠ᠃