Хаах

ᠴᠠᢈᠢᠮ ᠪᠣᠯᠪᠠᠰᠤᠷᠠᠯ ᠤ᠋ᠨ ᠰᠠᠯᠪᠤᠷᠢ ᠳ᠋ᠤ ᠲᠥᠷᠦ ᠶ᠋ᠢᠨ ᠣᠷᠤᠯᠴᠠᠭ᠎ᠠ ᠶ᠋ᠢ ᠪᠠᠭᠤᠷᠠᠭᠤᠯᠤᠯ᠎ᠠ

A- A A+
ᠴᠠᢈᠢᠮ ᠪᠣᠯᠪᠠᠰᠤᠷᠠᠯ ᠤ᠋ᠨ ᠰᠠᠯᠪᠤᠷᠢ ᠳ᠋ᠤ ᠲᠥᠷᠦ ᠶ᠋ᠢᠨ ᠣᠷᠤᠯᠴᠠᠭ᠎ᠠ ᠶ᠋ᠢ ᠪᠠᠭᠤᠷᠠᠭᠤᠯᠤᠯ᠎ᠠ

ᠪᠣᠯᠪᠠᠰᠤᠷᠠᠯ ᠤ᠋ᠨ ᠴᠠᢈᠢᠮ ᠮᠡᠳᠡᢉᠡᠯᠡᠯ ᠦ᠋ᠨ ᠰᠠᠩ ᠪᠦᠷᠢᠳᠦᢉᠦᠯᢈᠦ᠂ ᠠᠵᠢᠯᠯᠠᠭᠤᠯᠬᠤ ᠵᠢᠷᠤᠮ ᠤ᠋ᠨ ᠲᠠᠯ ᠠ᠋ ᠪᠠᠷ ᠪᠣᠯᠪᠠᠰᠤᠷᠠᠯ ᠤ᠋ᠨ ᠰᠠᠶᠢᠳ ᠫᠦ‍᠂ ᠨᠠᠷᠠᠨᠪᠠᠶᠠᠷ᠂ ᠪᠣᠯᠪᠠᠰᠤᠷᠠᠯ ᠤ᠋ᠨ ᠰᠠᠶᠢᠳ ᠤ᠋ᠨ ᠵᠥᠪᠯᠡᢈᠦ ᠳ‍᠂ ᠭᠠᠩᠲᠤᠯᠭ᠎ᠠ᠂ ᠪᠣᠯᠪᠠᠰᠤᠷᠠᠯ ᠤ᠋ᠨ ᠶᠠᠮᠤᠨ ᠤ᠋ ᠴᠠᢈᠢᠮ ᠪᠣᠯᠪᠠᠰᠤᠷᠠᠯ ᠤ᠋ᠨ ᠭᠠᠵᠠᠷ ᠤ᠋ᠨ ᠳᠠᠷᠤᠭ᠎ᠠ ᠲ‍᠂ ᠪᠠᠲᠤ ᠡᠷᠳᠡᠨᠢ ᠨᠠᠷ ᠮᠡᠳᠡᢉᠡᠯᠡᠯ ᠥᢉᢉᠦᠯ ᠡ᠋᠃

ᠴᠠᢈᠢᠮ ᠰᠤᠷᠭᠠᠯᠲᠠ ᠶ᠋ᠢᠨ ᠵᠣᠷᠢᠭᠤᠯᠤᠯᠲᠠ ᠪᠠᠷ ᠠᠰᠢᠭᠯᠠᠭᠳᠠᠵᠤ ᠪᠠᠶᠢᠭ᠎ᠠ ᠫᠷᠣᢉᠷᠠᠮᠮ ᠬᠠᠩᠭᠠᠮᠵᠢ᠂ ᠰᠢᠰᠲ᠋ᠧᠮ ᠦ᠋ᠳ ᠢ᠋ ᠬᠣᠭᠤᠷᠤᠨᠳᠤ ᠨᠢ ᠤᠶᠠᠯᠳᠤᠭᠤᠯᠬᠤ᠂ ᠮᠡᠳᠡᢉᠡᠯᠡᠯ ᠰᠣᠯᠢᠯᠴᠠᠭ᠎ᠠ ᠶ᠋ᠢ ᠰᠠᠶᠢᠵᠢᠷᠠᠭᠤᠯᠬᠤ᠂ ᠴᠠᢈᠢᠮ ᠰᠢᠯᠵᠢᠯᠲᠡ ᠲᠡᠢ ᠬᠣᠯᠪᠤᠭ᠎ᠠ ᠲᠠᠢ ᠪᠣᠯᠤᠮᠵᠢᠲᠤ ᠠᠵᠢᠯ ᠦᠶᠢᠯᠡᠴᠢᠯᠡᢉᠡ ᠨᠦ᠋ᢉᠦᠳ ᠢ᠋ ᠬᠤᠪᠢ ᠶ᠋ᠢᠨ ᢈᠡᠪᠰᠢᠯ ᠢ᠋ᠶᠡᠷ ᢉᠦᠢᠴᠡᠳᢈᠡᢉᠦᠯᠵᠦ ᠯᠢᠪᠧᠷᠠᠯᠴᠢᠯᠠᠬᠤ ᢈᠦᠷᠢᠶᠡᠨ ᠳ᠋ᠦ ᠪᠣᠯᠪᠠᠰᠤᠷᠠᠯ ᠤ᠋ᠨ ᠴᠠᢈᠢᠮ ᠮᠡᠳᠡᢉᠡᠯᠡᠯ ᠦ᠋ᠨ ᠰᠠᠩ ᠪᠦᠷᠢᠳᠦᢉᠦᠯᢈᠦ᠂ ᠠᠵᠢᠯᠯᠠᠭᠤᠯᠬᠤ ᠵᠢᠷᠤᠮ ᠢ᠋ ᠰᠢᠨᠡᠴᠢᠯᠡᠨ ᠪᠠᠲᠤᠯᠠᠪᠠ᠃ ᠡᠨᠡ ᢈᠦ ᠵᠢᠷᠤᠮ ᠪᠠᠲᠤᠯᠠᠭᠳᠠᠭᠰᠠᠨ ᠢ᠋ᠶᠠᠷ ᠴᠠᢈᠢᠮ ᠪᠣᠯᠪᠠᠰᠤᠷᠠᠯ ᠤ᠋ᠨ ᠰᠠᠯᠪᠤᠷᠢ ᠳ᠋ᠤ ᠲᠥᠷᠦ ᠶ᠋ᠢᠨ ᠣᠷᠤᠯᠴᠠᠭ᠎ᠠ ᠪᠠᠭᠤᠷᠠᠵᠤ᠂ ᠻᠣᠮᠫᠠᠨᠢ ᠨᠤᠭᠤᠳ ᠲᠥᠰᠦᠯ ᢈᠡᠷᠡᢉᠵᠢᢉᠦᠯᢈᠦ ᠶ᠋ᠢᠨ ᠲᠤᠯᠠᠳᠠ ᠲᠥᠷᠦ ᠶ᠋ᠢᠨ ᠪᠠᠶᠢᠭᠤᠯᠤᠯᠭ᠎ᠠ ᠶ᠋ᠢ ᠵᠣᠷᠢᠳᠠᠭ ᠪᠢᠰᠢ᠂ ᠰᠤᠷᠭᠠᠭᠤᠯᠢ᠂ ᠪᠠᠭᠰᠢ᠂ ᠰᠤᠷᠤᠭᠴᠢ᠂ ᠡᠴᠢᢉᠡ ᠡᢈᠡ᠂ ᠠᠰᠠᠷᠠᠨ ᠬᠠᠮᠠᠭᠠᠯᠠᠭᠴᠢᠳ ᠤ᠋ᠨ ᢈᠡᠷᠡᢉᠴᠡᢉᠡ ᠱᠠᠭᠠᠷᠳᠠᠯᠭ᠎ᠠ ᠶ᠋ᠢ ᠬᠠᠩᠭᠠᠬᠤ ᠪᠠᠶᠢᠳᠠᠯ ᠢ᠋ᠶᠠᠷ ᠢ᠋ᠶᠠᠨ ᠥᠷᠢᠰᠦᠯᠳᠦᢈᠦ ᠪᠣᠯᠤᠮᠵᠢ ᠪᠦᠷᠢᠳᠴᠦ ᠪᠠᠶᠢᠨ᠎ᠠ᠃

ᠪᠣᠯᠪᠠᠰᠤᠷᠠᠯ ᠤ᠋ᠨ ᠴᠠᢈᠢᠮ ᠮᠡᠳᠡᢉᠡᠯᠡᠯ ᠦ᠋ᠨ ᠰᠠᠩ ᠪᠦᠷᠢᠳᠦᢉᠦᠯᢈᠦ᠂ ᠠᠵᠢᠯᠯᠠᠭᠤᠯᠬᠤ ᠵᠢᠷᠤᠮ ᠢ᠋ ᠰᠢᠨᠡᠴᠢᠯᠡᠨ ᠪᠠᠲᠤᠯᠠᠬᠤ ᠳ᠋ᠠᠭᠠᠨ ᠳᠠᠷᠠᠭᠠᢈᠢ ᠣᠨᠴᠠᠯᠠᠬᠤ ᠥᢉᠡᠷᠡᠴᠢᠯᠡᠯᠲᠡ ᠨᠦ᠋ᢉᠦᠳ ᠢ᠋ ᠲᠤᠰᠬᠠᠪᠠ᠃ ᠡᢉᠦᠨ ᠳ᠋ᠦ:

  • ᠰᠤᠷᠭᠠᠯᠲᠠ ᠶ᠋ᠢᠨ ᠪᠠᠶᠢᠭᠤᠯᠤᠯᠭ᠎ᠠ᠂ Edtech ᠻᠣᠮᠫᠠᠨᠢ ᠬᠣᠭᠤᠷᠤᠨᠳᠤ ᠶ᠋ᠢᠨ ᠬᠠᠷᠢᠯᠴᠠᠭᠠᠨ ᠳ᠋ᠤ ᠲᠥᠷᠦ ᠶ᠋ᠢᠨ ᠱᠠᠭᠠᠷᠳᠠᠯᠭ᠎ᠠ ᠦᢉᠡᠢ ᠣᠷᠤᠯᠴᠠᠭ᠎ᠠ ᠶ᠋ᠢ ᠪᠠᠭᠠᠰᠬᠠᠵᠤ᠂ ᠱᠠᠭᠠᠷᠳᠠᠯᠭ᠎ᠠ ᠲᠠᠢ ᠲᠣᢈᠢᠶᠠᠯᠳᠤᠯ ᠳ᠋ᠤ ᠪᠣᠯᠪᠠᠰᠤᠷᠠᠯ ᠤ᠋ᠨ ᠶᠠᠮᠤᠨ ᠠ᠋ᠴᠠ ᢈᠢᠨᠠᠯᠲᠠ ᠲᠠᠯᠪᠢᠳᠠᠭ ᠪᠠᠶᠢᠬᠤ;
  • ᠮᠡᠳᠡᢉᠡᠯᠡᠯ ᠰᠣᠯᠢᠯᠴᠠᠬᠤ ᠪᠣᠯᠤᠮᠵᠢ ᠲᠠᠢ ᠡᠰᠡᢈᠦ ᠳ᠋ᠦ ᠵᠠᠪᠠᠯ ᠪᠣᠯᠪᠠᠰᠤᠷᠠᠯ ᠤ᠋ᠨ ᠶᠠᠮᠤᠨ ᠪᠣᠯᠤᠨ ᠪᠣᠯᠪᠠᠰᠤᠷᠠᠯ ᠤ᠋ᠨ ᠶᠡᠷᠦᠩᢈᠡᠢ ᠭᠠᠵᠠᠷ ᠣᠷᠤᠯᠴᠠᠯ ᠦᢉᠡᠢ ᠪᠡᠷ ᠲᠧᠻᠨᠣᠯᠣᢉᠢ ᠶ᠋ᠢᠨ ᠮᠡᠷᢉᠡᠵᠢᠯᠲᠡᠨ ᠨᠦ᠋ᢉᠦᠳ ᠨᠢ ᠰᠢᠢᠳᠪᠦᠷᠢᠯᠡᢈᠦ ᠪᠣᠯᠤᠮᠵᠢ ᠲᠠᠢ ᠪᠠᠶᠢᠬᠤ;
  • ᠰᠤᠷᠭᠠᠯᠲᠠ ᠶ᠋ᠢᠨ ᠪᠠᠶᠢᠭᠤᠯᠤᠯᠭ᠎ᠠ᠂ Edtech ᠻᠣᠮᠫᠠᠨᠢ ᠬᠣᠭᠤᠷᠤᠨᠳᠤ ᠪᠠᠨ ᢉᠡᠷ᠎ᠡ ᠪᠠᠶᠢᠭᠤᠯᠬᠤ ᠳ᠋ᠤ ᠪᠠᠨ ᠰᠢᠰᠲ᠋ᠧᠮ ᠦ᠋ᠨ ᠶᠡᠷᠦᠩᢈᠡᠢ ᠪᠣᠯᠤᠨ ᠲᠤᠰᠬᠠᠢ ᠱᠠᠭᠠᠷᠳᠠᠯᠭ᠎ᠠ ᠬᠠᠩᠭᠠᠵᠤ ᠪᠠᠶᠢᠭ᠎ᠠ ᠡᠰᠡᢈᠦ ᠶ᠋ᠢ ᠤᠳᠤᠷᠢᠳᠬᠤ ᠵᠥᠪᠯᠡᠯ ᠪᠠ ᠪᠤᠰᠤᠳ ᠵᠥᠪᠯᠡᠯ ᠢ᠋ᠶᠡᠷ ᢈᠡᠯᠡᠯᠴᠡᠨ ᠰᠢᠶᠳᠪᠦᠷᠢᠯᠡᠳᠡᢉ ᠪᠣᠯᠬᠤ;
  • ᢉᠡᠷ᠎ᠡ ᠪᠠᠶᠢᠭᠤᠯᠬᠤ ᠳ᠋ᠤ ᠪᠠᠨ ᠴᠠᢈᠢᠮ ᠰᠢᠰᠲ᠋ᠧᠮ ᠠᠰᠢᠭᠯᠠᠬᠤ᠂ ᠠᠯᠢᠪᠠ ᠰᠦᠪᠶᠧᠻᠲ ᠡᠴᠡ ᠬᠠᠮᠢᠶᠠᠷᠤᠯ ᠦᢉᠡᠢ ᠪᠡᠷ ᠮᠡᠳᠡᢉᠡᠯᠡᠯ ᠰᠣᠯᠢᠯᠴᠠᠬᠤ ᠦᠶᠢᠯᠡ ᠶᠠᠪᠤᠴᠠ ᢈᠡᠪ ᠦ᠋ᠨ ᠦᠷᢉᠦᠯᠵᠢᠯᠡᢈᠦ;
  • ᠰᠢᠰᠲ᠋ᠧᠮ ᠠᠰᠢᠭᠯᠠᠯᠲᠠ ᠶ᠋ᠢᠨ ᠵᠠᠷᠤᠳᠠᠯ ᠢ᠋ ᠡᠴᠢᢉᠡ᠂ ᠡᢈᠡ ᠠᠰᠠᠷᠠᠨ ᠬᠠᠮᠠᠭᠠᠯᠠᠭᠴᠢᠳ ᠲᠤ ᠰᠠᠶᠢᠨ ᠳᠤᠷ᠎ᠠ ᠶ᠋ᠢᠨ ᠦᠨᠳᠦᠰᠦᠨ ᠳᠡᢉᠡᠷ᠎ᠡ ᠬᠠᠷᠢᠭᠤᠴᠠᠭᠤᠯᠳᠠᠭ ᠪᠣᠯᠬᠤ ᠶᠤᠮ᠃