ᠮᠡᠷᢉᠡᠵᠢᠯ ᠦ᠋ᠨ ᠪᠣᠯᠤᠨ ᠲᠧᢈᠨᠢᢉ ᠦ᠋ᠨ ᠪᠣᠯᠪᠠᠰᠤᠷᠠᠯ᠂ ᠰᠤᠷᠭᠠᠯᠲᠠ ᠶ᠋ᠢᠨ ᠵᠥᠪᠯᠡᠯ ᠦ᠋ᠨ ᠰᠢᠨᠡᠴᠢᠯᠡᢉᠰᠡᠨ ᠪᠦᠷᠢᠯᠳᠦᢈᠦᠨ ᠥᠨᠦᠳᠦᠷ ᠠᠩᠬᠠᠨ ᠤ᠋ ᠬᠤᠷᠠᠯᠳᠤᠭᠠᠨ ᠢ᠋ᠶᠠᠨ ᢈᠢᠵᠦ᠂ ᠮᠡᠷᢉᠡᠵᠢᠯ ᠦ᠋ᠨ ᠪᠣᠯᠤᠨ ᠲᠧᢈᠨᠢᢉ ᠦ᠋ᠨ ᠪᠣᠯᠪᠠᠰᠤᠷᠠᠯ᠂ ᠰᠤᠷᠭᠠᠯᠲᠠ ᠶ᠋ᠢ ᠳᠡᠮᠵᠢᢈᠦ ᠰᠠᠩ ᠤ᠋ᠨ ᠒᠐᠒᠔ ᠣᠨ ᠤ᠋ ᠦᠶᠢᠯᠡ ᠠᠵᠢᠯᠯᠠᠭᠠᠨ ᠤ᠋ ᠲᠠᠶᠢᠯᠤᠨ᠂ ᠒᠐᠒᠕ ᠣᠨ ᠤ᠋ ᠵᠢᠯ ᠦ᠋ᠨ ᠣᠷᠤᠯᠭᠠ᠂ ᠵᠠᠷᠤᠯᠭᠠ ᠶ᠋ᠢᠨ ᠲᠥᠰᠦᠪ ᠦ᠋ᠨ ᠬᠤᠪᠢᠶᠠᠷᠢ ᠶ᠋ᠢ ᢈᠡᠯᠡᠯᠴᠡᠨ᠂ ᠰᠠᠨᠠᠯ᠂ ᠳ᠋ᠦᠩᠨᠡᠯᠲᠡ ᠥᢉᢉᠦᠯ ᠡ᠋᠃
ᠠᠵᠢᠯ ᠣᠯᠭᠣᠭᠴᠢ᠂ ᠮᠡᠷᢉᠡᠵᠢᠯ ᠦ᠋ᠨ ᠬᠣᠯᠪᠤᠭᠠᠳ᠂ ᠰᠤᠷᠭᠠᠯᠲᠠ ᠶ᠋ᠢᠨ ᠪᠠᠶᠢᠭᠤᠯᠤᠯᠭᠠ ᠨᠤᠭᠤᠳ ᠤ᠋ᠨ ᠬᠠᠮᠲᠤ ᠶ᠋ᠢᠨ ᠠᠵᠢᠯᠯᠠᠭᠠ ᠶ᠋ᠢ ᠳᠡᠮᠵᠢᢈᠦ᠂ ᠰᠤᠷᠭᠠᠯᠲᠠ ᠳ᠋ᠤ ᠲᠥᠷᠦ᠂ ᠬᠤᠪᠢ ᠶ᠋ᠢᠨ ᢈᠡᠪᠰᠢᠯ ᠦ᠋ᠨ ᠣᠷᠤᠯᠴᠠᠭᠠ ᠶ᠋ᠢ ᠬᠠᠩᠭᠠᠬᠤ ᠴᠢᢉ ᠡᢉᠦᠷᢉᠡ ᠲᠡᠢ ᠪᠡᠷ ᠮᠡᠷᢉᠡᠵᠢᠯ ᠦ᠋ᠨ ᠪᠣᠯᠤᠨ ᠲᠧᢈᠨᠢᢉ ᠦ᠋ᠨ ᠪᠣᠯᠪᠠᠰᠤᠷᠠᠯ᠂ ᠰᠤᠷᠭᠠᠯᠲᠠ ᠶ᠋ᠢᠨ ᠵᠥᠪᠯᠡᠯ ᠢ᠋ ᠣᠷᠤᠨ ᠲᠣᠭᠠᠨ ᠤ᠋ ᠪᠤᠰᠤ ᠪᠠᠷ ᠪᠠᠶᠢᠭᠤᠯᠤᠭᠰᠠᠨ᠃ ᠲᠤᠰ ᠵᠥᠪᠯᠡᠯ ᠢ᠋ ᠪᠣᠯᠪᠠᠰᠤᠷᠠᠯ ᠤ᠋ᠨ ᠰᠠᠶᠢᠳ ᠫᠦ᠂ ᠨᠠᠷᠠᠨᠪᠠᠶᠠᠷ ᠢ᠋ᠶᠠᠷ ᠠᠬᠠᠯᠠᠭᠤᠯᠵᠤ᠂ ᠪᠦᠷᠢᠯᠳᠦᢈᠦᠨ ᠳ᠋ᠦ ᠲᠥᠷᠦ ᠶ᠋ᠢᠨ ᠪᠣᠯᠤᠨ ᠲᠥᠷᠦ ᠶ᠋ᠢᠨ ᠪᠤᠰᠤ ᠪᠠᠶᠢᠭᠤᠯᠤᠯᠭᠠ᠂ ᠮᠡᠷᢉᠡᠵᠢᠯ ᠦ᠋ᠨ ᠬᠣᠯᠪᠤᠭᠠ᠂ ᠠᠵᠢᠯ ᠣᠯᠭᠤᠭᠴᠢ ᠠᠵᠤ ᠠᠬᠤᠢ ᠶ᠋ᠢᠨ ᠨᠢᢉᠡᠴᠡ ᠪᠠᠶᠢᠭᠤᠯᠤᠯᠭᠠ ᠨᠤᠭᠤᠳ ᠤ᠋ᠨ ᠲᠥᠯᠦᢉᠡᠯᠡᠯ ᠢ᠋ ᠣᠷᠤᠯᠴᠠᠭᠤᠯᠤᠨ ᠪᠠᠲᠤᠯᠠᠪᠠ᠃
ᠴᠢᠨᠠᠭᠰᠢᠳᠠ ᠮᠡᠷᢉᠡᠵᠢᠯ ᠦ᠋ᠨ ᠪᠣᠯᠤᠨ ᠲᠧᢈᠨᠢᢉ ᠦ᠋ᠨ ᠪᠣᠯᠪᠠᠰᠤᠷᠠᠯ᠂ ᠰᠤᠷᠭᠠᠯᠲᠠ ᠶ᠋ᠢᠨ ᠦᠶᠢᠯᠡ ᠠᠵᠢᠯᠯᠠᠭᠠ ᠶ᠋ᠢ ᠪᠦᠰᠡᠴᠢᠯᠡᢉᠰᠡᠨ ᢈᠥᢉᠵᠢᠯ᠂ ᠡᠳ᠋ ᠦ᠋ᠨ ᠵᠠᠰᠠᠭ ᠤ᠋ᠨ ᠲᠡᠷᠢᢉᠦᠯᠡᢈᠦ ᠴᠢᢉᠯᠡᠯ᠂ ᢈᠥᠳᠡᠯᠮᠦᠷᠢ ᠶ᠋ᠢᠨ ᠵᠠᠬᠠ ᠵᠡᢉᠡᠯᠢ ᠶ᠋ᠢᠨ ᠡᠷᠢᠯᠲᠡ ᢈᠡᠷᠡᢉᠴᠡᢉᠡᠨ ᠳ᠋ᠦ ᠨᠡᠶᠢᠴᠡᢉᠦᠯᢈᠦ ᠶ᠋ᠢᠨ ᠵᠡᠷᢉᠡᠴᠡᢉᠡ ᠰᠤᠷᠭᠠᠯᠲᠠ ᠶ᠋ᠢᠨ ᢈᠥᠲᠦᠯᠪᠦᠷᠢ ᠶ᠋ᠢᠨ ᠰᠢᠨᠡᠴᠢᠯᠡᠯ ᠢ᠋ ᠨᠡᠶᠢᢉᠡᠮ ᠦ᠋ᠨ ᠲᠦᠩᠰᠢᠯᠡᠯ ᠦ᠋ᠨ ᢈᠦᠷᠢᠶᠡᠨ ᠳ᠋ᠦ ᢈᠡᠷᠡᢉᠵᠢᢉᠦᠯᠵᠦ᠂ ᠪᠠᠭᠰᠢ ᠶ᠋ᠢᠨ ᠮᠡᠷᢉᠡᠵᠢᠯ ᠦ᠋ᠨ ᠲᠠᠰᠤᠷᠠᠯᠲᠠ ᠦᢉᠡᠢ ᢈᠥᢉᠵᠢᠯ ᠦ᠋ᠨ ᠲᠣᠭᠲᠠᠯᠴᠠᠭᠠ ᠶ᠋ᠢ ᠰᠢᠨᠡᠴᠢᠯᠡᢈᠦ ᠱᠠᠭᠠᠷᠳᠠᠯᠭᠠ ᠲᠠᠢ ᠶ᠋ᠢ ᠵᠥᠪᠯᠡᠯ ᠦ᠋ᠨ ᢉᠡᠰᠢᢉᠦᠳ ᠣᠨᠴᠠᠯᠠᠯ ᠠ᠋᠃
ᠮᠣᠩᠭᠣᠯ ᠤᠯᠤᠰ ᠤ᠋ᠨ ᠵᠠᠰᠠᠭ ᠤ᠋ᠨ ᠭᠠᠵᠠᠷ ᠤ᠋ᠨ ᠲᠣᠭᠲᠠᠭᠠᠯ ᠢ᠋ᠶᠠᠷ ᠮᠡᠷᢉᠡᠵᠢᠯ ᠦ᠋ᠨ ᠪᠣᠯᠤᠨ ᠲᠧᢈᠨᠢᢉ ᠦ᠋ᠨ ᠪᠣᠯᠪᠠᠰᠤᠷᠠᠯ᠂ ᠰᠤᠷᠭᠠᠯᠲᠠ ᠶ᠋ᠢ ᠳᠡᠮᠵᠢᢈᠦ ᠰᠠᠩ ᠤ᠋ᠨ ᢈᠥᠷᠦᠩᢉᠡ ᠶ᠋ᠢ ᠪᠦᠷᠢᠳᠦᢉᠦᠯᢈᠦ᠂ ᠵᠠᠷᠤᠴᠠᠭᠤᠯᠬᠤ, ᠲᠡᢉᠦᠨ ᠳ᠋ᠦ ᢈᠢᠨᠠᠯᠲᠠ ᠲᠠᠯᠪᠢᠬᠤ ᠵᠢᠷᠤᠮ ᠢ᠋ ᠰᠢᠨᠡᠴᠢᠯᠡᠨ ᠪᠠᠲᠤᠯᠠᠭᠰᠠᠨ᠃ ᠵᠢᠷᠤᠮ ᠰᠢᠨᠡᠴᠢᠯᠡᢉᠳᠡᢉᠰᠡᠨ ᠢ᠋ᠶᠡᠷ ᠬᠣᠣᠰᠮᠠᠭ ᠰᠤᠷᠭᠠᠯᠲᠠ ᠶ᠋ᠢ ᢈᠡᠷᠡᢉᠵᠢᢉᠦᠯᢈᠦ᠂ ᠭᠠᠳᠠᠭᠠᠳᠤ ᠤᠯᠤᠰ ᠲᠤ ᠰᠤᠷᠭᠠᠯᠲᠠ᠂ ᠦᠶᠢᠯᠡᠳᠪᠦᠷᠢᠯᠡᠯ ᠦ᠋ᠨ ᠳᠠᠳᠤᠯᠭᠠ ᠵᠣᢈᠢᠶᠠᠨ ᠪᠠᠶᠢᠭᠤᠯᠬᠤ᠂ ᠣᠯᠠᠨ ᠤᠯᠤᠰ ᠤ᠋ᠨ ᢈᠥᠲᠦᠯᠪᠦᠷᠢ ᢈᠡᠷᠡᢉᠵᠢᢉᠦᠯᢈᠦ᠂ ᠰᠠᠯᠪᠤᠷᠢ ᠶ᠋ᠢᠨ ᠪᠠᠭᠰᠢ ᠶ᠋ᠢᠨ ᠮᠡᠷᢉᠡᠵᠢᠯ ᠦ᠋ᠨ ᢈᠥᢉᠵᠢᠯ ᠢ᠋ ᠳᠡᠮᠵᠢᢈᠦ᠂ ᠮᠡᠷᢉᠡᠵᠢᠯ ᠦ᠋ᠨ ᠤᠷᠠ ᠴᠢᠳᠠᠪᠤᠷᠢ ᠶ᠋ᠢᠨ ᠦᠨᠳᠦᠰᠦᠨ ᠦ᠋ ᠪᠣᠯᠤᠨ ᠣᠯᠠᠨ ᠤᠯᠤᠰ ᠤ᠋ᠨ ᠲᠡᠮᠡᠴᠡᢉᠡᠨ ᠤᠷᠤᠯᠳᠤᠭᠠᠨ ᠳ᠋ᠤ ᠪᠡᠯᠡᠳᢈᠡᢈᠦ᠂ ᠣᠷᠤᠯᠴᠠᠬᠤ᠂ ᠰᠤᠷᠭᠠᠯᠲᠠ ᠶ᠋ᠢᠨ ᠪᠠᠶᠢᠭᠤᠯᠤᠯᠭᠠ ᠨᠤᠭᠤᠳ ᠢ᠋ ᠰᠤᠷᠭᠠᠯᠲᠠ ᠶ᠋ᠢᠨ ᢈᠡᠷᠡᢉᠯᠡᢉᠳᠡᢈᠦᠨ᠂ ᠲᠣᠨᠤᠭ᠂ ᠲᠥᢈᠦᢉᠡᠷᠦᠮᠵᠢ ᠪᠡᠷ ᠬᠠᠩᠭᠠᠬᠤ ᠵᠡᠷᢉᠡ ᠳᠡᠮᠵᠢᠯᢉᠡ ᠦᠵᠡᢉᠦᠯᢈᠦ ᠪᠣᠯᠤᠮᠵᠢ ᠪᠦᠷᠢᠳᠦᢉᠰᠡᠨ ᠶᠤᠮ᠃