Хаах

«ᠮᠣᠩᠭᠣᠯ ᠤᠯᠤᠰ ᠤ᠋ᠨ ᠵᠠᠰᠠᠭ ᠤ᠋ᠨ ᠭᠠᠵᠠᠷ᠂ ᠪᠦᢉᠦᠳᠡ ᠨᠠᠶᠢᠷᠠᠮᠳᠠᠬᠤ ᠲᠦᠷᠻ ᠤᠯᠤᠰ ᠤ᠋ᠨ ᠵᠠᠰᠠᠭ ᠤ᠋ᠨ ᠭᠠᠵᠠᠷ ᠬᠣᠭᠤᠷᠤᠨᠳᠤ ᠶ᠋ᠢᠨ ᠪᠣᠯᠪᠠᠰᠤᠷᠠᠯ ᠤ᠋ᠨ ᠰᠠᠯᠪᠤᠷᠢ ᠳ᠋ᠤ ᠬᠠᠮᠲᠤᠷᠠᠨ ᠠᠵᠢᠯᠯᠠᠬᠤ ᠲᠤᠬᠠᠢ ᢈᠡᠯᠡᠯᠴᠡᢉᠡᠷ» ᠢ᠋ ᠪᠠᠶᠢᠭᠤᠯᠤᠯ᠎ᠠ

A- A A+
«ᠮᠣᠩᠭᠣᠯ ᠤᠯᠤᠰ ᠤ᠋ᠨ ᠵᠠᠰᠠᠭ ᠤ᠋ᠨ ᠭᠠᠵᠠᠷ᠂ ᠪᠦᢉᠦᠳᠡ ᠨᠠᠶᠢᠷᠠᠮᠳᠠᠬᠤ ᠲᠦᠷᠻ ᠤᠯᠤᠰ ᠤ᠋ᠨ ᠵᠠᠰᠠᠭ ᠤ᠋ᠨ ᠭᠠᠵᠠᠷ ᠬᠣᠭᠤᠷᠤᠨᠳᠤ ᠶ᠋ᠢᠨ ᠪᠣᠯᠪᠠᠰᠤᠷᠠᠯ ᠤ᠋ᠨ ᠰᠠᠯᠪᠤᠷᠢ ᠳ᠋ᠤ ᠬᠠᠮᠲᠤᠷᠠᠨ ᠠᠵᠢᠯᠯᠠᠬᠤ ᠲᠤᠬᠠᠢ ᢈᠡᠯᠡᠯᠴᠡᢉᠡᠷ» ᠢ᠋ ᠪᠠᠶᠢᠭᠤᠯᠤᠯ᠎ᠠ

ᠮᠣᠩᠭᠣᠯ ᠤᠯᠤᠰ ᠤ᠋ᠨ ᠶᠡᠷᠦᠩᢈᠡᠶᠢᠯᠡᢉᠴᠢ ᠤᠬᠤᠨ᠎ᠠ ᠶ᠋ᠢᠨ ᢈᠦᠷᠡᠯᠰᠦ᠋ᢈᠡ ᠶ᠋ᠢᠨ ᠪᠦᢉᠦᠳᠡ ᠨᠠᠶᠢᠷᠠᠮᠳᠠᠬᠤ ᠲᠦᠷᠻ ᠤᠯᠤᠰ ᠲᠤ ᢈᠢᠵᠦ ᠪᠤᠢ ᠲᠥᠷᠦ ᠶ᠋ᠢᠨ ᠠᠶᠢᠯᠴᠢᠯᠠᠯ ᠤ᠋ᠨ ᢈᠦᠷᠢᠶᠡᠨ ᠳ᠋ᠦ ᠮᠣᠩᠭᠣᠯ᠂ ᠲᠦᠷᠻ ᠦ᠋ᠨ ᠪᠣᠯᠪᠠᠰᠤᠷᠠᠯ ᠤ᠋ᠨ ᠰᠠᠯᠪᠤᠷᠢ ᠶ᠋ᠢᠨ ᠬᠠᠮᠲᠤ ᠶ᠋ᠢᠨ ᠠᠵᠢᠯᠯᠠᠭ᠎ᠠ ᠶ᠋ᠢ ᠥᠷᢉᠡᠵᠢᢉᠦᠯᠦᠨ ᢈᠥᢉᠵᠢᢉᠦᠯᢈᠦ ᠵᠣᠷᠢᠯᠭ᠎ᠠ ᠪᠠᠷ «ᠮᠣᠩᠭᠣᠯ ᠤᠯᠤᠰ ᠤ᠋ᠨ ᠵᠠᠰᠠᠭ ᠤ᠋ᠨ ᠭᠠᠵᠠᠷ᠂ ᠪᠦᢉᠦᠳᠡ ᠨᠠᠶᠢᠷᠠᠮᠳᠠᠬᠤ ᠲᠦᠷᠻ ᠤᠯᠤᠰ ᠤ᠋ᠨ ᠵᠠᠰᠠᠭ ᠤ᠋ᠨ ᠭᠠᠵᠠᠷ ᠬᠣᠭᠤᠷᠤᠨᠳᠤ ᠶ᠋ᠢᠨ ᠪᠣᠯᠪᠠᠰᠤᠷᠠᠯ ᠤ᠋ᠨ ᠰᠠᠯᠪᠤᠷᠢ ᠳ᠋ᠤ ᠬᠠᠮᠲᠤᠷᠠᠨ ᠠᠵᠢᠯᠯᠠᠬᠤ ᠲᠤᠬᠠᠢ ᢈᠡᠯᠡᠯᠴᠡᢉᠡᠷ» ᠢ᠋ ᠪᠠᠶᠢᠭᠤᠯᠤᠯ᠎ᠠ᠃

ᠤᠭ ᢈᠡᠯᠡᠯᠴᠡᢉᠡᠷ ᠦ᠋ᠨ ᢈᠦᠷᠢᠶᠡᠨ ᠳ᠋ᠦ ᠬᠣᠶᠠᠷ ᠤᠯᠤᠰ ᠤ᠋ᠨ ᠪᠣᠯᠪᠠᠰᠤᠷᠠᠯ ᠰᠤᠷᠭᠠᠯᠲᠠ ᠶ᠋ᠢᠨ ᠪᠠᠶᠢᠭᠤᠯᠤᠯᠭ᠎ᠠ ᠨᠤᠭᠤᠳ ᠪᠠᠭᠰᠢ᠂ ᠣᠶᠤᠲᠠᠨ ᠰᠣᠯᠢᠯᠴᠠᠬᠤ᠂ ᠪᠣᠯᠪᠠᠰᠤᠷᠠᠯ ᠤ᠋ᠨ ᠰᠠᠯᠪᠤᠷᠢ ᠶ᠋ᠢᠨ ᠲᠠᠯ ᠠ᠋ ᠪᠠᠷ ᠮᠡᠳᠡᠯᢉᠡ᠂ ᠮᠡᠳᠡᢉᠡᠯᠡᠯ᠂ ᠲᠤᠷᠰᠢᠯᠭ᠎ᠠ ᠰᠣᠯᠢᠯᠴᠠᠬᠤ᠂ ᠬᠠᠮᠲᠤᠷᠠᠭᠰᠠᠨ ᠲᠥᠰᠦᠯ᠂ ᠰᠤᠳᠤᠯᠭ᠎ᠠ ᢈᠡᠷᠡᢉᠵᠢᢉᠦᠯᢈᠦ᠂ ᠪᠠᠭᠰᠢ ᠨᠠᠷ ᠤ᠋ᠨ ᠮᠡᠷᢉᠡᠵᠢᠯ ᠳᠡᢉᠡᢉᠰᠢᠯᠡᢉᠦᠯᢈᠦ ᠰᠤᠷᠭᠠᠯᠲᠠ ᠵᠣᢈᠢᠶᠠᠨ ᠪᠠᠶᠢᠭᠤᠯᠬᠤ ᠵᠡᠷᢉᠡ ᠴᠢᢉᠯᠡᠯ ᠳ᠋ᠦ ᠬᠠᠮᠲᠤᠷᠠᠨ ᠠᠵᠢᠯᠯᠠᠨ᠎ᠠ᠃

ᢈᠡᠯᠡᠯᠴᠡᢉᠡᠷ ᠦ᠋ᠨ ᢈᠡᠷᠡᢉᠵᠢᠯᠲᠡ ᠶ᠋ᠢ ᠮᠣᠩᠭᠣᠯ ᠤᠯᠤᠰ ᠤ᠋ᠨ ᠪᠣᠯᠪᠠᠰᠤᠷᠠᠯ ᠤ᠋ᠨ ᠶᠠᠮᠤᠨ᠂ ᠪᠦᢉᠦᠳᠡ ᠨᠠᠶᠢᠷᠠᠮᠳᠠᠬᠤ ᠲᠦᠷᠻ ᠤᠯᠤᠰ ᠤ᠋ᠨ ᠦᠨᠳᠦᠰᠦᠨ ᠦ᠋ ᠪᠣᠯᠪᠠᠰᠤᠷᠠᠯ ᠤ᠋ᠨ ᠶᠠᠮᠤᠨ ᠬᠠᠷᠢᠭᠤᠴᠠᠨ ᠠᠵᠢᠯᠯᠠᠬᠤ ᠶᠤᠮ᠃ ᠲᠡᢉᠦᠨᠴᠢᠯᠡᠨ ᠲᠥᠷᠦ ᠶ᠋ᠢᠨ ᠠᠶᠢᠯᠴᠢᠯᠠᠯ ᠤ᠋ᠨ ᢈᠦᠷᠢᠶᠡᠨ ᠳ᠋ᠦ ᠪᠣᠯᠪᠠᠰᠤᠷᠠᠯ ᠤ᠋ᠨ ᠰᠠᠶᠢᠳ ᠫᠦ‍᠂ ᠨᠠᠷᠠᠨᠪᠠᠶᠠᠷ ᠪᠦᢉᠦᠳᠡ ᠨᠠᠶᠢᠷᠠᠮᠳᠠᠬᠤ ᠲᠦᠷᠻ ᠤᠯᠤᠰ ᠤ᠋ᠨ ᠦᠨᠳᠦᠰᠦᠨ ᠦ᠋ ᠪᠣᠯᠪᠠᠰᠤᠷᠠᠯ ᠤ᠋ᠨ ᠰᠠᠶᠢᠳ ᠶᠦᠰᠦ᠋ᠫ ᠲᠧᠻᠢᠨ᠋ ᠲᠡᠢ ᠠᠯᠪᠠᠨ ᠠᠭᠤᠯᠵᠠᠯᠲᠠ ᢈᠢᠪᠡ᠃ ᠠᠭᠤᠯᠵᠠᠯᠲᠠ ᠪᠠᠷ ᠬᠣᠶᠠᠷ ᠤᠯᠤᠰ ᠤ᠋ᠨ ᠪᠣᠯᠪᠠᠰᠤᠷᠠᠯ ᠤ᠋ᠨ ᠬᠠᠮᠲᠤ ᠶ᠋ᠢᠨ ᠠᠵᠢᠯᠯᠠᠭ᠎ᠠ ᠶ᠋ᠢ ᠥᠷᢉᠡᠵᠢᢉᠦᠯᠦᠨ᠂ ᠰᠢᠨ᠎ᠡ ᠱᠠᠲᠤᠨ ᠳ᠋ᠤ ᠭᠠᠷᠭᠠᠬᠤ ᠳ᠋ᠤ ᢈᠢᠴᠢᠶᠡᠨ ᠠᠵᠢᠯᠯᠠᠬᠤ ᠲᠠᠯ ᠠ᠋ ᠪᠠᠷ ᠶᠠᠷᠢᠯᠴᠠᠯ᠎ᠠ᠃ ᠮᠥᠨ ᠬᠠᠷᠢᠯᠴᠠᠨ ᠲᠡᠳᢈᠦᠯᢉᠡ ᠳ᠋ᠦ ᢈᠥᠲᠦᠯᠪᠦᠷᠢ ᠳ᠋ᠦ ᠬᠠᠮᠤᠷᠤᠭᠳᠠᠬᠤ ᠢᠷᢉᠡᠳ ᠦ᠋ᠨ ᠲᠣᠭ᠎ᠠ ᠶ᠋ᠢ ᠨᠡᠮᠡᢉᠳᠡᢉᠦᠯᢈᠦ᠂ ᠮᠣᠩᠭᠣᠯ ᠤᠯᠤᠰ ᠲᠤ ᠲᠡᠳᢈᠦᠯᢉᠡ ᠪᠡᠷ ᠣᠶᠤᠲᠠᠨ ᠰᠤᠷᠤᠯᠴᠠᠭᠤᠯᠬᠤ ᠪᠠᠷ ᠬᠠᠷᠢᠯᠴᠠᠨ ᠲᠣᢈᠢᠷᠠᠯᠴᠠᠪᠠ᠃