Хаах

ᠨᠢ‍᠂ ᠦ‍᠂ ᠪᠠ‍ - ᠶ᠋ᠢᠨ ᢈᠦᠮᠦᠨ ᠠᠮᠠ ᠶ᠋ᠢᠨ ᠰᠠᠩ ᠲᠠᠢ ᠒᠐᠒᠕ ᠣᠨ ᠳ᠋ᠤ ᠬᠠᠮᠲᠤᠷᠠᠨ ᢈᠡᠷᠡᢉᠵᠢᢉᠦᠯᢈᠦ ᠦᠶᠢᠯᠡ ᠠᠵᠢᠯᠯᠠᠭᠠᠨ ᠤ᠋ ᠰᠠᠨᠠᠯ ᠰᠣᠯᠢᠯᠴᠠᠪᠠ

A- A A+
ᠨᠢ‍᠂ ᠦ‍᠂ ᠪᠠ‍ - ᠶ᠋ᠢᠨ ᢈᠦᠮᠦᠨ ᠠᠮᠠ ᠶ᠋ᠢᠨ ᠰᠠᠩ ᠲᠠᠢ ᠒᠐᠒᠕ ᠣᠨ ᠳ᠋ᠤ ᠬᠠᠮᠲᠤᠷᠠᠨ ᢈᠡᠷᠡᢉᠵᠢᢉᠦᠯᢈᠦ ᠦᠶᠢᠯᠡ ᠠᠵᠢᠯᠯᠠᠭᠠᠨ ᠤ᠋ ᠰᠠᠨᠠᠯ ᠰᠣᠯᠢᠯᠴᠠᠪᠠ

ᠪᠣᠯᠪᠠᠰᠤᠷᠠᠯ ᠤ᠋ᠨ ᠶᠠᠮᠤᠨ ᠤ᠋ ᠲᠥᠷᠦ ᠶ᠋ᠢᠨ ᠨᠠᠷᠢᠨ ᠪᠢᠴᠢᢉ ᠦ᠋ᠨ ᠳᠠᠷᠤᠭ᠎ᠠ ᠬᠠ‍᠂ ᠪᠠᠲᠤᠵᠢᠷᠭᠠᠯ ᠮᠣᠩᠭᠣᠯ ᠳ᠋ᠠᢈᠢ ᠨᠢ‍᠂ ᠦ‍᠂ ᠪᠠ‍ - ᠶ᠋ᠢᠨ ᢈᠦᠮᠦᠨ ᠠᠮᠠ ᠶ᠋ᠢᠨ ᠰᠠᠩ ᠤ᠋ᠨ ᠲᠡᠷᠢᢉᠦᠨ ᠬᠠᠯᠢᠳ᠋ ᠱᠠᠷᠢᠹᠢ ᠲᠡᠷᠢᢉᠦᠲᠡᠢ ᠲᠥᠯᠦᢉᠡᠯᠡᢉᠴᠢᠳ ᠢ᠋ ᢈᠦᠯᠢᠶᠡᠨ ᠠᠪᠴᠤ ᠠᠭᠤᠯᠵᠠᠯ᠎ᠠ᠃  ᠠᠭᠤᠯᠵᠠᠯᠲᠠ ᠪᠠᠷ ᠲᠠᠯ᠎ᠠ ᠨᠤᠭᠤᠳ ᠒᠐᠒᠕ ᠣᠨ ᠳ᠋ᠤ ᠬᠠᠮᠲᠤᠷᠠᠨ ᠠᠵᠢᠯᠯᠠᠬᠤ ᠴᠢᢉᠯᠡᠯ᠂ ᠦᠢᠯᠡ ᠠᠵᠢᠯᠯᠠᠭᠠᠨ ᠤ᠋ ᠲᠠᠯ᠎ᠠ ᠪᠠᠷ ᠰᠠᠨᠠᠯ ᠰᠣᠯᠢᠯᠴᠠᠪᠠ᠃  

ᠡᠨᠡ ᠵᠢᠯ ᠦ᠋ᠨ ᠬᠤᠪᠢ ᠳ᠋ᠤ ᠴᠠᢈᠢᠮ ᠰᠤᠷᠭᠠᠯᠲᠠ ᠪᠠᠷ ᠡᠷᠡᢉᠦᠯ ᠮᠡᠨᠳᠦ ᠶ᠋ᠢᠨ ᠪᠣᠯᠪᠠᠰᠤᠷᠠᠯ ᠢ᠋ ᠳᠡᠮᠵᠢᢈᠦ᠂ ᠰᠤᠷᠭᠠᠭᠤᠯᠢ ᠶ᠋ᠢᠨ ᠡᠷᠡᢉᠦᠯ ᠮᠡᠨᠳᠦ ᠶ᠋ᠢᠨ ᠦᠢᠯᠡᠴᠢᠯᠡᢉᠡ ᠶ᠋ᠢ ᠰᠠᠶᠢᠵᠢᠷᠠᠭᠤᠯᠬᠤ᠂ ᠰᠤᠷᠭᠠᠭᠤᠯᠢ ᠪᠣᠯᠤᠨ ᠳᠣᠲᠤᠭᠤᠷ ᠪᠠᠶᠢᠷᠢᠨ ᠳ᠋ᠤ ᠡᠷᠡᢉᠦᠯ᠂ ᠠᠶᠤᠯ ᠦᢉᠡᠢ᠂ ᢈᠦᠮᠦᠨ ᠦ᠋ ᠡᠷᢈᠡ ᠶ᠋ᠢᠨ ᠵᠥᠷᠢᠴᠡᠯ ᠦᢉᠡᠢ ᠣᠷᠴᠢᠨ ᠪᠦᠷᠢᠳᠦᢉᠦᠯᢈᠦ ᠴᠢᢉᠯᠡᠯ ᠳ᠋ᠦ ᠭᠣᠣᠯᠴᠢᠯᠠᠨ ᠠᠩᠬᠠᠷᠬᠤ ᠪᠠᠨ ᠮᠣᠩᠭᠣᠯ ᠳ᠋ᠠᢈᠢ ᠨᠢ‍᠂ ᠦ‍᠂ ᠪᠠ‍ - ᠶ᠋ᠢᠨ ᢈᠦᠮᠦᠨ ᠠᠮᠠ ᠶ᠋ᠢᠨ ᠰᠠᠩ ᠤ᠋ᠨ ᠲᠡᠷᠢᢉᠦᠨ ᠬᠠᠯᠢᠳ᠋ ᠱᠠᠷᠢᠹᠢ ᢈᠡᠯᠡᠯ᠎ᠡ᠃  ᠡᢉᠦᠨ ᠲᠡᠢ ᠬᠣᠯᠪᠤᠭᠠᠲᠠᠢ ᠪᠠᠷ ᠰᠤᠷᠤᠭᠴᠢᠳ ᠤ᠋ᠨ ᠡᠷᠡᢉᠦᠯ ᠮᠡᠨᠳᠦ ᠶ᠋ᠢᠨ ᠳᠡᠪᠲᠡᠷ ᠢ᠋ ᠪᠤᠢ ᠪᠣᠯᠭᠠᠵᠤ᠂ ᠴᠠᢈᠢᠮᠵᠢᠭᠤᠯᠬᠤ᠂ ᠰᠢᠨ᠎ᠡ ᠪᠡᠷ ᠪᠤᠢ ᠪᠣᠯᠵᠤ ᠪᠤᠢ ᠡᠷᠡᢉᠦᠯ ᠮᠡᠨᠳᠦ ᠶ᠋ᠢᠨ ᠪᠠᠭᠰᠢ᠂ ᠠᠷᠭ᠎ᠠ ᠵᠦᠢᠴᠢ ᢈᠥᠲᠦᠯᠪᠦᠷᠢ ᠶ᠋ᠢᠨ ᠰᠤᠷᠭᠠᠯᠲᠠ ᠳ᠋ᠤ ᠪᠡᠯᢉᠡ ᠶ᠋ᠢᠨ ᠴᠣᠭᠴᠠ ᠪᠣᠯᠪᠠᠰᠤᠷᠠᠯ ᠪᠣᠯᠤᠨ ᠵᠧᠨ᠋ᠳᠧᠷ ᠲᠦ ᠰᠠᠭᠤᠷᠢᠯᠠᠭᠰᠠᠨ ᢈᠦᠴᠦᠷᢈᠡᠶᠢᠯᠡᠯ ᠦ᠋ᠨ ᠲᠤᠬᠠᠢ ᠠᠭᠤᠯᠭ᠎ᠠ ᠶ᠋ᠢ ᠣᠷᠤᠭᠤᠯᠬᠤ᠂ ᠳᠤᠮᠳᠠ ᠠᠩᢉᠢ ᠶ᠋ᠢᠨ ᠰᠤᠷᠭᠠᠯᠲᠠ ᠶ᠋ᠢᠨ ᢈᠥᠲᠦᠯᠪᠦᠷᠢ ᠶ᠋ᠢᠨ ᠰᠢᠨᠡᠴᠢᠯᠡᠯ ᠳ᠋ᠦ ᠲᠧᠻᠨᠢᢉ ᠦ᠋ᠨ ᠲᠤᠰᠠᠯᠠᠯᠴᠠᠭ᠎ᠠ ᠦᠵᠡᢉᠦᠯᠦᠨ ᠬᠠᠮᠲᠤᠷᠠᠵᠤ ᠠᠵᠢᠯᠯᠠᠬᠤ ᢈᠦᠰᠡᠯ ᠲᠡᠢ ᠪᠠᠶᠢᠭ᠎ᠠ ᢉᠡᠪᠡ᠃

ᢈᠡᠷᠡᢉᠵᠢᢉᠦᠯᠵᠦ ᠪᠤᠢ ᢈᠥᠲᠦᠯᠪᠦᠷᠢ ᠨᠦ᠋ᢉᠦᠳ᠂ ᠬᠠᠮᠲᠤᠷᠠᠨ ᠠᠵᠢᠯᠯᠠᠵᠤ ᠪᠤᠢ ᠪᠠᠶᠢᠭᠤᠯᠤᠯᠭ᠎ᠠ ᠨᠤᠭᠤᠳ ᠤ᠋ᠨ ᠦᠢᠯᠡ ᠠᠵᠢᠯᠯᠠᠭᠠᠨ ᠤ᠋ ᠤᠶᠠᠯᠳᠤᠭ᠎ᠠ ᠬᠣᠯᠪᠤᠭ᠎ᠠ ᠶ᠋ᠢ ᠬᠠᠩᠭᠠᠬᠤ ᠳ᠋ᠤ ᠠᠩᠬᠠᠷᠤᠨ᠎ᠠ ᢉᠡᠳᠡᢉ ᠢ᠋ᠶᠡᠨ ᠪᠣᠯᠪᠠᠰᠤᠷᠠᠯ ᠤ᠋ᠨ ᠶᠠᠮᠤᠨ ᠤ᠋ ᠲᠥᠷᠦ ᠶ᠋ᠢᠨ ᠨᠠᠷᠢᠨ ᠪᠢᠴᠢᢉ ᠦ᠋ᠨ ᠳᠠᠷᠤᠭ᠎ᠠ ᠬᠠ‍᠂ ᠪᠠᠲᠤᠵᠢᠷᠭᠠᠯ ᢈᠡᠯᠡᠵᠦ᠂ ᠲᠠᠯ᠎ᠠ ᠨᠤᠭᠤᠳ ᠰᠤᠷᠭᠠᠭᠤᠯᠢ ᠳ᠋ᠤ ᠰᠠᠭᠤᠷᠢᠯᠠᠭᠰᠠᠨ ᠡᠷᠡᢉᠦᠯ ᠮᠡᠨᠳᠦ ᠶ᠋ᠢᠨ ᠦᠵᠡᠯᢉᠡ᠂ ᠰᠤᠷᠤᠭᠴᠢᠳ ᠤ᠋ᠨ ᠰᠡᠳᢈᠢᠯ ᠵᠦᠢ ᠶ᠋ᠢᠨ ᠡᠷᠡᢉᠦᠯ ᠮᠡᠨᠳᠦ ᠶ᠋ᠢ ᠳᠡᠮᠵᠢᢈᠦ ᠳ᠋ᠦ ᠬᠠᠮᠲᠤᠷᠠᠨ ᠠᠵᠢᠯᠯᠠᠬᠤ ᠪᠠᠷ ᠲᠣᢈᠢᠷᠠᠯᠴᠠᠪᠠ᠃  

ᠲᠠᠰᠢᠷᠠᠮ ᠳ᠋ᠤ᠂ ᠨᠢ‍᠂ ᠦ‍᠂ ᠪᠠ‍ - ᠶ᠋ᠢᠨ ᢈᠦᠮᠦᠨ ᠠᠮᠠ ᠶ᠋ᠢᠨ ᠰᠠᠩ ᠤ᠋ᠨ ᠤᠯᠤᠰ ᠣᠷᠤᠨ ᠢ᠋ ᠳᠡᠮᠵᠢᢈᠦ VI ᢈᠥᠲᠦᠯᠪᠦᠷᠢ ᠶ᠋ᠢᠨ ᢈᠦᠷᠢᠶᠡᠨ ᠳ᠋ᠦ ᠒᠐᠑᠗-᠒᠐᠒᠒ ᠣᠨ ᠳ᠋ᠤ ᠪᠣᠯᠪᠠᠰᠤᠷᠠᠯ ᠤ᠋ᠨ ᠶᠠᠮᠤᠨ ᠨᠢ ᠲᠤᠰ ᠪᠠᠶᠢᠭᠤᠯᠤᠯᠭ᠎ᠠ ᠲᠠᠢ ᢈᠦᠮᠦᠨ ᠦ᠋ ᠡᠷᢈᠡ᠂ ᠵᠧᠨ᠋ᠳᠧᠷ ᠦ᠋ᠨ ᠲᠡᢉᠰᠢ ᠪᠠᠶᠢᠳᠠᠯ ᠢ᠋ ᠬᠠᠩᠭᠠᠭᠰᠠᠨ ᠠᠮᠢᠳᠤᠷᠠᠬᠤ ᠤᠬᠠᠭᠠᠨ᠂ ᠪᠡᠯᢉᠡ ᠶ᠋ᠢᠨ ᠴᠣᠭᠴᠠ ᠪᠣᠯᠪᠠᠰᠤᠷᠠᠯ ᠤ᠋ᠨ ᢈᠥᠲᠦᠯᠪᠦᠷᠢ ᠶ᠋ᠢ ᢈᠡᠷᠡᢉᠵᠢᢉᠦᠯᠵᠦ᠂ ᠪᠣᠳᠤᠯᠭ᠎ᠠ ᠶ᠋ᠢᠨ ᠣᠷᠴᠢᠨ ᠢ᠋ ᠰᠠᠶᠢᠵᠢᠷᠠᠭᠤᠯᠬᠤ ᠴᠢᢉᠯᠡᠯ ᠢ᠋ᠶᠡᠷ ᠬᠠᠮᠲᠤᠷᠠᠨ ᠠᠵᠢᠯᠯᠠᠭᠰᠠᠨ᠃  ᠒᠐᠒᠓-᠒᠐᠒᠗ ᠣᠨ ᠳ᠋ᠤ ᠤᠯᠤᠰ ᠣᠷᠤᠨ ᠢ᠋ ᠳᠡᠮᠵᠢᢈᠦ VII ᢈᠥᠲᠦᠯᠪᠦᠷᠢ ᠶ᠋ᠢᠨ ᢈᠦᠷᠢᠶᠡᠨ ᠳ᠋ᠦ ᠡᠷᠡᢉᠦᠯ ᠮᠡᠨᠳᠦ ᠶ᠋ᠢᠨ ᢈᠢᠴᠢᠶᠡᠯ ᠦ᠋ᠨ ᠴᠢᠨᠠᠷ᠂ ᠪᠠᠭᠰᠢ ᠶ᠋ᠢᠨ ᠴᠢᠳᠠᠪᢈᠢ ᠶ᠋ᠢ ᠰᠠᠶᠢᠵᠢᠷᠠᠭᠤᠯᠬᠤ᠂ ᠰᠤᠷᠭᠠᠭᠤᠯᠢ ᠶ᠋ᠢᠨ ᠰᠡᠳᢈᠢᠯ ᠵᠦᠶᠢᠴᠢ᠂ ᠨᠡᠶᠢᢉᠡᠮ ᠦ᠋ᠨ ᠠᠵᠢᠯᠲᠠᠨ ᠤ᠋ ᠪᠡᠯᢉᠡ ᠶ᠋ᠢᠨ ᠪᠣᠯᠤᠨ ᠨᠥᢈᠦᠨ ᠦᠷᠡᠵᠢᢈᠦᠢ ᠶ᠋ᠢᠨ ᠮᠡᠳᠡᠯᢉᠡ ᠶ᠋ᠢ ᠨᠡᠮᠡᢉᠳᠡᢉᠦᠯᢈᠦ᠂ ᠰᠤᠷᠭᠠᠭᠤᠯᠢ ᠶ᠋ᠢᠨ ᠣᠷᠴᠢᠨ ᠳ᠋ᠠᢈᠢ ᢈᠦᠴᠦᠷᢈᠡᠶᠢᠯᠡᠯ ᠢ᠋ ᠪᠠᠭᠤᠷᠠᠭᠤᠯᠵᠤ᠂ ᠲᠠᠰᠤᠯᠤᠨ ᠵᠣᠭᠰᠤᠭᠠᠬᠤ᠂ᢈᠡᠦᢈᠡᠳ ᠦ᠋ᠨ ᠪᠠᠭ᠎ᠠ ᠨᠠᠰᠤᠨ ᠠ᠋ᠴᠠ ᠡᢈᠢᠯᠡᠨ ᠨᠥᢈᠦᠨ ᠦᠷᠡᠵᠢᢈᠦᠢ᠂ ᠪᠡᠯᢉᠡ ᠶ᠋ᠢᠨ ᠪᠣᠯᠪᠠᠰᠤᠷᠠᠯ ᠪᠣᠯᠤᠨ ᠵᠧᠨ᠋ᠳᠧᠷ ᠦ᠋ᠨ ᠣᠶᠢᠯᠠᠭᠠᠯᠲᠠ ᠶ᠋ᠢ ᠨᠠᠰᠤᠨ ᠳ᠋ᠤ ᠨᠢ ᠲᠣᢈᠢᠷᠠᠭᠰᠠᠨ ᢈᠥᠲᠦᠯᠪᠦᠷᠢ ᠪᠡᠷ ᠣᠷᠤᠭᠤᠯᠬᠤ᠂ ᢈᠡᠪᠯᠡᠯ ᠮᠡᠳᠡᢉᠡᠯᠡᠯ ᠦ᠋ᠨ ᢈᠡᠷᠡᢉᠰᠡᠯ ᠢ᠋ᠶᠡᠷ ᠳᠠᠮᠵᠢᠭᠤᠯᠤᠨ ᠪᠦᢈᠦ ᠨᠡᠶᠢᠲᠡ ᠶ᠋ᠢᠨ ᠵᠧᠨ᠋ᠳᠧᠷ ᠦ᠋ᠨ ᠪᠣᠯᠪᠠᠰᠤᠷᠠᠯ ᠢ᠋ ᠳᠡᢉᠡᢉᠰᠢᠯᠡᢉᠦᠯᢈᠦ ᠵᠡᠷᢉᠡ ᠠᠵᠢᠯ ᠤ᠋ᠳ ᠢ᠋ ᠬᠠᠮᠲᠤᠷᠠᠨ ᢈᠡᠷᠡᢉᠵᠢᢉᠦᠯᠵᠦ ᠪᠠᠶᠢᠨ᠎ᠠ᠃