Хаах

ᠪᠣᠯᠪᠠᠰᠤᠷᠠᠯ ᠤ᠋ᠨ ᠰᠠᠶᠢᠳ ᠫᠦ‍᠂ ᠨᠠᠷᠠᠨᠪᠠᠶᠠᠷ ᠶᠠᠫᠤᠨ ᠤ᠋ «ᠻᠦᠮᠣᠨ᠋» ᠪᠣᠯᠪᠠᠰᠤᠷᠠᠯ ᠤ᠋ᠨ ᢈᠦᠷᠢᠶᠡᠯᠡᠩ ᠦ᠋ᠨ ᠲᠥᠯᠦᢉᠡᠯᠡᢉᠴᠢᠳ ᠢ᠋ ᢈᠦᠯᠢᠶᠡᠨ ᠠᠪᠴᠤ ᠠᠭᠤᠯᠵᠠᠯ᠎ᠠ

A- A A+
ᠪᠣᠯᠪᠠᠰᠤᠷᠠᠯ ᠤ᠋ᠨ ᠰᠠᠶᠢᠳ ᠫᠦ‍᠂ ᠨᠠᠷᠠᠨᠪᠠᠶᠠᠷ ᠶᠠᠫᠤᠨ ᠤ᠋ «ᠻᠦᠮᠣᠨ᠋» ᠪᠣᠯᠪᠠᠰᠤᠷᠠᠯ ᠤ᠋ᠨ ᢈᠦᠷᠢᠶᠡᠯᠡᠩ ᠦ᠋ᠨ ᠲᠥᠯᠦᢉᠡᠯᠡᢉᠴᠢᠳ ᠢ᠋ ᢈᠦᠯᠢᠶᠡᠨ ᠠᠪᠴᠤ ᠠᠭᠤᠯᠵᠠᠯ᠎ᠠ

ᠪᠣᠯᠪᠠᠰᠤᠷᠠᠯ ᠤ᠋ᠨ ᠰᠠᠶᠢᠳ ᠫᠦ‍᠂ ᠨᠠᠷᠠᠨᠪᠠᠶᠠᠷ ᠶᠠᠫᠤᠨ ᠤ᠋ «ᠻᠦᠮᠣᠨ᠋» ᠪᠣᠯᠪᠠᠰᠤᠷᠠᠯ ᠤ᠋ᠨ ᢈᠦᠷᠢᠶᠡᠯᠡᠩ ᠦ᠋ᠨ ᠲᠥᠯᠦᢉᠡᠯᠡᢉᠴᠢᠳ ᠢ᠋ ᢈᠦᠯᠢᠶᠡᠨ ᠠᠪᠴᠤ ᠠᠭᠤᠯᠵᠠᠯ᠎ᠠ᠃  

ᢈᠦᠷᠢᠶᠡᠯᠡᠩ ᠦ᠋ᠨ ᠰᠲ᠋ᠷᠠᠲ᠋ᠧᢉᠢ ᠲᠥᠯᠦᠪᠯᠡᠯᠲᠡ᠂ ᠰᠤᠷᠲᠠᠯᠴᠢᠯᠠᠭᠠᠨ ᠤ᠋ ᢈᠡᠯᠲᠡᠰ ᠦ᠋ᠨ ᠳᠡᠳ᠋ ᠳᠠᠷᠤᠭ᠎ᠠ ᠻᠧᠨᠲ᠋ᠠᠷᠤ‍ ᠮᠢᠶᠤᠰᠢ «ᠻᠦᠮᠣᠨ᠋» ᠰᠤᠷᠭᠠᠯᠲᠠ ᠶ᠋ᠢᠨ ᢈᠥᠲᠦᠯᠪᠦᠷᠢ ᠶ᠋ᠢᠨ ᠢ᠋ᠶᠡᠨ ᠲᠠᠯ ᠠ᠋ ᠪᠠᠷ ᠲᠠᠨᠢᠯᠴᠠᠭᠤᠯᠤᠯ᠎ᠠ᠃  «ᠻᠦᠮᠣᠨ᠋» ᠨᠢ ᠳᠡᠯᠡᢈᠡᠢ ᠶ᠋ᠢᠨ ᠖᠓ ᠣᠷᠤᠨ ᠳ᠋ᠤ ᠰᠤᠷᠭᠠᠯᠲᠠ ᠶ᠋ᠢᠨ ᠦᠢᠯᠡ ᠠᠵᠢᠯᠯᠠᠭ᠎ᠠ ᠪᠠᠨ ᠶᠠᠪᠤᠭᠤᠯᠳᠠᠭ ᠠᠭᠠᠳ ᢈᠡᠦᢈᠡᠳ ᠲᠤᠰ ᠪᠦᠷᠢ ᠳᠡᢉᠡᠷ᠎ᠡ ᠲᠦᠪᠰᠢᠨ ᠳ᠋ᠦ ᠨᠢ ᠲᠣᢈᠢᠷᠠᠭᠰᠠᠨ ᠰᠤᠷᠭᠠᠯᠲᠠ ᠶ᠋ᠢ ᠶᠠᠪᠤᠭᠤᠯᠵᠤ ᠴᠢᠳᠠᠬᠤ ᠠ᠋ᠴᠠ ᠪᠠᠨ ᠡᢈᠢᠯᠡᢉᠡᠳ ᠠᠯᠬᠤᠮ ᠠᠯᠬᠤᠮ ᠢ᠋ᠶᠠᠷ ᠠᢈᠢᠬᠤ ᠠᢈᠢᠴᠠ ᠪᠠᠷ ᠨᠢ ᠦᠨᠡᠯᠡᠳᠡᢉ ᠣᠨᠴᠠᠯᠢᠭ ᠲᠠᠢ ᠠᠵᠢ᠃  

ᠮᠠᠲ᠋ᠧᠮᠠᠲ᠋ᠢᠭ ᠤ᠋ᠨ ᠪᠠᠭᠰᠢ ᠻᠦᠮᠣᠨ᠋ ᠤ᠋ ᠨᠡᠷ᠎ᠡ ᠪᠡᠷ ᠨᠡᠷᠡᠯᠡᢉᠰᠡᠨ ᠨᠢ ᠴᠤ ᠲᠡᢉᠦᠨ ᠦ᠋ ᠵᠢᠭᠠᠬᠤ ᠠᠷᠭ᠎ᠠ ᠵᠦᠢ᠂ ᠰᠤᠷᠭᠠᠨ ᠤ᠋ ᠰᠢᠰᠲ᠋ᠧᠮ ᠢ᠋ ᢈᠥᠲᠦᠯᠪᠦᠷᠢ ᠳ᠋ᠦ ᠪᠡᠨ ᠨᠡᠪᠲᠡ ᠰᠢᠩᢉᠡᢉᠡᢉᠰᠡᠨ ᠲᠡᠢ ᠬᠣᠯᠪᠤᠭᠠᠲᠠᠢ᠃  

ᠪᠣᠯᠪᠠᠰᠤᠷᠠᠯ ᠤ᠋ᠨ ᠰᠠᠶᠢᠳ ᠫᠦ‍᠂ ᠨᠠᠷᠠᠨᠪᠠᠶᠠᠷ ᠑᠑ ᠳ᠋ᠦ᠋ᢉᠡᠷ ᠰᠠᠷ᠎ᠠ ᠳ᠋ᠤ ᠶᠠᠫᠣᠨ᠋ ᠤᠯᠤᠰ ᠲᠤ ᠠᠯᠪᠠᠨ ᠠᠶᠢᠯᠴᠢᠯᠠᠯ ᢈᠢᢈᠦ ᠦᠶ᠎ᠡ ᠪᠡᠷ ᠢ᠋ᠶᠡᠨ ᠲᠤᠰ ᢈᠦᠷᠢᠶᠡᠯᠡᠩ ᠦ᠋ᠨ ᠲᠥᠯᠦᢉᠡᠯᠡᢉᠴᠢᠳ ᠢ᠋ ᠮᠣᠩᠭᠣᠯ ᠳ᠋ᠤ ᠤᠷᠢᠵᠤ᠂ «ᠻᠦᠮᠣᠨ᠋» ᢈᠥᠲᠦᠯᠪᠦᠷᠢ ᠶ᠋ᠢ ᠮᠠᠨ ᠤ᠋ ᠣᠷᠤᠨ ᠤ᠋ ᠬᠤᠪᠢ ᠶ᠋ᠢᠨ ᢈᠡᠪᠰᠢᠯ ᠦ᠋ᠨ ᠰᠤᠷᠭᠠᠭᠤᠯᠢ ᠨᠤᠭᠤᠳ ᠲᠤ ᠲᠠᠨᠢᠯᠴᠠᠭᠤᠯᠬᠤ ᠶ᠋ᠢ ᢈᠦᠰᠡᢉᠰᠡᠨ ᠦ᠋ ᠳᠠᠭᠠᠭᠤ ᠢᠷᠡᢉᠰᠡᠨ ᠳ᠋ᠦ ᠲᠠᠯᠠᠷᠬᠠᠵᠤ ᠪᠤᠢ ᠪᠠᠨ ᠢᠯᠡᠷᢈᠡᠶᠢᠯᠡᠯ᠎ᠡ᠃

ᠠᠭᠤᠯᠵᠠᠯᠲᠠ ᠶ᠋ᠢᠨ ᠲᠡᢉᠦᠰᢈᠡᠯ ᠳ᠋ᠦ «ᠻᠦᠮᠣᠨ᠋» ᠤ᠋ ᠵᠢᠭᠠᠬᠤ ᠠᠷᠭ᠎ᠠ ᠵᠦᠢ ᠶ᠋ᠢ ᠮᠣᠩᠭᠣᠯ ᠳ᠋ᠤ ᠨᠡᠪᠲᠡᠷᠡᢉᠦᠯᢈᠦ ᠲᠤᠷᠰᠢᠯᠲᠠ ᠶ᠋ᠢᠨ ᠲᠥᠰᠦᠯ ᢈᠡᠷᠡᢉᠵᠢᢉᠦᠯᢈᠦ ᠲᠤᠬᠠᠢ ᠮᠣᠩᠭᠣᠯ ᠤᠯᠤᠰ ᠤ᠋ᠨ ᠪᠣᠯᠪᠠᠰᠤᠷᠠᠯ ᠤ᠋ᠨ ᠶᠠᠮᠤᠨ᠂ ᠶᠠᠫᠤᠨ ᠤᠯᠤᠰ ᠤ᠋ᠨ «ᠻᠦᠮᠣᠨ᠋» ᠪᠣᠯᠪᠠᠰᠤᠷᠠᠯ ᠤ᠋ᠨ ᢈᠦᠷᠢᠶᠡᠯᠡᠩ ᠬᠣᠭᠤᠷᠤᠨᠳᠤ ᠬᠠᠷᠢᠯᠴᠠᠨ ᠣᠶᠢᠯᠠᠭᠠᠯᠴᠠᠯ ᠤ᠋ᠨ ᠰᠠᠨᠠᠮᠵᠢ ᠪᠢᠴᠢᢉ ᠢ᠋ ᠪᠠᠶᠢᠭᠤᠯᠤᠯ᠎ᠠ᠃  ᠰᠠᠨᠠᠮᠵᠢ ᠪᠢᠴᠢᢉ ᠲᠦ ᠮᠣᠩᠭᠣᠯ ᠤ᠋ᠨ ᠲᠠᠯ᠎ᠠ ᠠ᠋ᠴᠠ ᠪᠣᠯᠪᠠᠰᠤᠷᠠᠯ ᠤ᠋ᠨ ᠶᠠᠮᠤᠨ ᠤ᠋ ᠶᠡᠷᠦᠩᢈᠡᠢ ᠪᠣᠯᠪᠠᠰᠤᠷᠠᠯ ᠤ᠋ᠨ ᠭᠠᠵᠠᠷ ᠤ᠋ᠨ ᠳᠠᠷᠤᠭ᠎ᠠ ᠮ‍᠂ ᠴᠣᠭᠵᠤᠯᠮ᠎ᠠ᠂ ᠶᠠᠫᠤᠨ ᠤ᠋ ᠲᠠᠯ᠎ᠠ ᠠ᠋ᠴᠠ «ᠻᠦᠮᠣᠨ᠋» ᠪᠣᠯᠪᠠᠰᠤᠷᠠᠯ ᠤ᠋ᠨ ᢈᠦᠷᠢᠶᠡᠯᠡᠩ ᠦ᠋ᠨ ᠰᠲ᠋ᠷᠠᠲ᠋ᠧᢉᠢ ᠲᠥᠯᠦᠪᠯᠡᠯᠲᠡ᠂ ᠰᠤᠷᠲᠠᠯᠴᠢᠯᠠᠭᠠᠨ ᠤ᠋ ᢈᠡᠯᠲᠡᠰ ᠦ᠋ᠨ ᠳᠡᠳ᠋ ᠳᠠᠷᠤᠭ᠎ᠠ ᠻᠧᠨᠲ᠋ᠠᠷᠤ‍ ᠮᠢᠶᠤᠰᠢ ᠨᠠᠷ ᠭᠠᠷ ᠤ᠋ᠨ ᠦᠰᠦᢉ ᠵᠢᠷᠤᠪᠠ᠃