Хаах

ᠣᠯᠠᠨ ᠤᠯᠤᠰ ᠤ᠋ᠨ ᠰᠢᠨᠵᠢᢉᠡᠴᠢᠳ ᢉᠡᠷᠡᠴᠢᠯᠡᢉᠡ ᠪᠡᠨ ᠭᠠᠷᠳᠠᠨ ᠠᠪᠤᠯ᠎ᠠ

A- A A+
ᠣᠯᠠᠨ ᠤᠯᠤᠰ ᠤ᠋ᠨ ᠰᠢᠨᠵᠢᢉᠡᠴᠢᠳ ᢉᠡᠷᠡᠴᠢᠯᠡᢉᠡ ᠪᠡᠨ ᠭᠠᠷᠳᠠᠨ ᠠᠪᠤᠯ᠎ᠠ

ᠮᠠᠭᠠᠳᠯᠠᠨ ᠢᠲᠡᢉᠡᠮᠵᠢᠯᠡᢉᠳᠡᢉᠰᠡᠨ ᠰᠤᠷᠭᠠᠯᠲᠠ ᠶ᠋ᠢᠨ ᠪᠠᠶᠢᠭᠤᠯᠤᠯᠭ᠎ᠠ᠂ ᢈᠥᠲᠦᠯᠪᠦᠷᠢ ᠪᠣᠯᠤᠨ «ᠣᠯᠠᠨ ᠤᠯᠤᠰ ᠤ᠋ᠨ ᠰᠢᠨᠵᠢᢉᠡᠴᠢ» ᠶ᠋ᠢᠨ ᢉᠡᠷᠡᠴᠢᠯᠡᢉᠡ ᠭᠠᠷᠳᠠᠭᠤᠯᠬᠤ ᠠᠷᠭ᠎ᠠ ᢈᠡᠮᠵᠢᠶ᠎ᠡ ᠪᠣᠯᠵᠤ᠂ ᠪᠣᠯᠪᠠᠰᠤᠷᠠᠯ ᠤ᠋ᠨ ᠰᠠᠶᠢᠳ ᠫᠦ‍᠂ ᠨᠠᠷᠠᠨᠪᠠᠶᠠᠷ ᠨᠡᢉᠡᢉᠡᠨ ᠦᢉᠡ ᢈᠡᠯᠡᠯ᠎ᠡ᠃

ᠬ᠂ ᠪ‍᠂ ᠨ‍᠂ ᠭ᠂ ᠤ‍᠂ ᠤ᠋ᠨ «ᠮᠠᠭᠠᠳᠯᠠᠨ ᠢᠲᠡᢉᠡᠮᠵᠢᠯᠡᠯ᠂ ᢉᠡᠷᠡᠴᠢᠯᠡᢉᠡᠵᠢᢉᠦᠯᠦᠯᠲᠡ᠂ ᠴᠢᠨᠠᠷ ᠤ᠋ᠨ ᠪᠠᠲᠤᠯᠠᠭᠠᠵᠢᠭᠤᠯᠤᠯᠲᠠ ᠶ᠋ᠢᠨ ᠪᠠᠶᠢᠭᠤᠯᠤᠯᠭ᠎ᠠ» (ACQUIN)᠂ ᠪᠣᠯᠪᠠᠰᠤᠷᠠᠯ ᠤ᠋ᠨ ᠮᠠᠭᠠᠳᠯᠠᠨ ᠢᠲᠡᢉᠡᠮᠵᠢᠯᠡᢈᠦ ᠦᠨᠳᠦᠰᠦᠨ ᠦ᠋ ᠵᠥᠪᠯᠡᠯ (ᠪᠤ‍᠂ ᠮᠠ‍᠂ ᠢ‍᠂ ᠦ᠋‍᠂ ᠵᠦ‍᠂) ᠬᠠᠮᠲᠤᠷᠠᠨ ᠣᠯᠠᠨ ᠤᠯᠤᠰ ᠤ᠋ᠨ ᠰᠢᠨᠵᠢᢉᠡᠴᠢ ᠶ᠋ᠢᠨ ᠰᠤᠷᠭᠠᠯᠲᠠ ᠶ᠋ᠢ ᠵᠣᢈᠢᠶᠠᠨ ᠪᠠᠶᠢᠭᠤᠯᠵᠤ᠂ ᠤᠭ ᠰᠤᠷᠭᠠᠯᠲᠠ ᠳ᠋ᠤ ᠠᠮᠵᠢᠯᠲᠠ ᠲᠠᠢ ᠬᠠᠮᠤᠷᠤᠭᠳᠠᠭᠰᠠᠨ ᠕᠕ ᠰᠢᠨᠵᠢᢉᠡᠴᠢᠳ «ᠣᠯᠠᠨ ᠤᠯᠤᠰ ᠤ᠋ᠨ ᠰᠢᠨᠵᠢᢉᠡᠴᠢ» ᠪᠡᠷ ᠠᠵᠢᠯᠯᠠᠬᠤ ᠡᠷᢈᠡ ᠶ᠋ᠢᠨ ᢉᠡᠷᠡᠴᠢᠯᠡᢉᠡ ᠶ᠋ᠢ ᠭᠠᠷᠳᠠᠭᠤᠯᠪᠠ᠃  ᠢᠩᢉᠢᢉᠰᠡᠨ ᠢ᠋ᠶᠡᠷ ᠡᠳᠡᢉᠡᠷ ᠰᠢᠨᠵᠢᢉᠡᠴᠢ ᠨᠢ ᠬᠠᠮᠲᠤᠷᠠᠭᠰᠠᠨ ᠮᠠᠭᠠᠳᠯᠠᠨ ᠢᠲᠡᢉᠡᠮᠵᠢᠯᠡᠯ ᠦ᠋ᠨ ᠣᠯᠠᠨ ᠤᠯᠤᠰ ᠤ᠋ᠨ ᠰᠢᠨᠵᠢᢉᠡᠴᠢ ᠶ᠋ᠢᠨ ᠪᠠᠭ ᠲᠤ ᠠᠵᠢᠯᠯᠠᠬᠤ᠂ ᠭᠠᠳᠠᠭᠠᠳᠤ ᠶ᠋ᠢᠨ ᠤᠯᠤᠰ ᠣᠷᠤᠨ ᠨᠤᠭᠤᠳ ᠲᠤ ACQUIN ᠪᠠᠶᠢᠭᠤᠯᠤᠯᠭ᠎ᠠ ᠶ᠋ᠢᠨ ᠰᠢᠨᠵᠢᢉᠡᠴᠢ ᠪᠡᠷ ᠠᠵᠢᠯᠯᠠᠬᠤ ᠪᠣᠯᠤᠮᠵᠢ ᠪᠦᠷᠢᠳᠴᠦ ᠪᠠᠶᠢᠭ᠎ᠠ ᠶᠤᠮ᠃  

ᠲᠡᢉᠦᠨᠴᠢᠯᠡᠨ ᠮᠠᠭᠠᠳᠯᠠᠨ ᠢᠲᠡᢉᠡᠮᠵᠢᠯᠡᢉᠳᠡᢉᠰᠡᠨ ᠳᠡᢉᠡᠳᠦ ᠪᠣᠯᠪᠠᠰᠤᠷᠠᠯ ᠤ᠋ᠨ ᠰᠤᠷᠭᠠᠯᠲᠠ ᠶ᠋ᠢᠨ ᠪᠠᠶᠢᠭᠤᠯᠤᠯᠭ᠎ᠠ ᠳ᠋ᠤ ᠔᠂ ᠮᠡᠷᢉᠡᠵᠢᠯ ᠦ᠋ᠨ ᠪᠣᠯᠤᠨ ᠲᠧᠻᠨᠢᢉ ᠦ᠋ᠨ ᠪᠣᠯᠪᠠᠰᠤᠷᠠᠯ ᠤ᠋ᠨ ᠰᠤᠷᠭᠠᠯᠲᠠ ᠶ᠋ᠢᠨ ᠪᠠᠶᠢᠭᠤᠯᠤᠯᠭ᠎ᠠ ᠳ᠋ᠤ ᠕᠂ ᠳᠡᢉᠡᠳᠦ ᠪᠣᠯᠪᠠᠰᠤᠷᠠᠯ ᠤ᠋ᠨ ᠰᠤᠷᠭᠠᠯᠲᠠ ᠶ᠋ᠢᠨ ᢈᠥᠲᠦᠯᠪᠦᠷᠢ ᠳ᠋ᠦ ᠔᠘᠂ ᠮᠡᠷᢉᠡᠵᠢᠯ ᠦ᠋ᠨ ᠪᠣᠯᠤᠨ ᠲᠧᠻᠨᠢᢉ ᠦ᠋ᠨ ᠪᠣᠯᠪᠠᠰᠤᠷᠠᠯ ᠤ᠋ᠨ ᠰᠤᠷᠭᠠᠯᠲᠠ ᠶ᠋ᠢᠨ ᢈᠥᠲᠦᠯᠪᠦᠷᠢ ᠳ᠋ᠦ ᠙᠂ ᠨᠡᠶᠢᠲᠡ ᠗᠐ ᠮᠠᠭᠠᠳᠯᠠᠨ ᠢᠲᠡᢉᠡᠮᠵᠢᠯᠡᠯ ᠦ᠋ᠨ ᢉᠡᠷᠡᠴᠢᠯᠡᢉᠡ ᠶ᠋ᠢ ᠭᠠᠷᠳᠠᠭᠤᠯᠤᠯ᠎ᠠ᠃