Хаах

ᠰᠤᠷᠭᠠᠭᠤᠯᠢ ᠳ᠋ᠤ ᠰᠠᠭᠤᠷᠢᠯᠠᠭᠰᠠᠨ ᢈᠡᠦᢈᠡᠳ ᠬᠠᠮᠠᠭᠠᠯᠠᠯ ᠤ᠋ᠨ ᠮᠧᢈᠠᠨᠢᠰᠮ ᠢ᠋ ᢈᠥᢉᠵᠢᢉᠦᠯᠵᠦ ᠪᠠᠶᠢᠨ᠎ᠠ

A- A A+
ᠰᠤᠷᠭᠠᠭᠤᠯᠢ ᠳ᠋ᠤ ᠰᠠᠭᠤᠷᠢᠯᠠᠭᠰᠠᠨ ᢈᠡᠦᢈᠡᠳ ᠬᠠᠮᠠᠭᠠᠯᠠᠯ ᠤ᠋ᠨ ᠮᠧᢈᠠᠨᠢᠰᠮ ᠢ᠋ ᢈᠥᢉᠵᠢᢉᠦᠯᠵᠦ ᠪᠠᠶᠢᠨ᠎ᠠ

ᠪᠣᠯᠪᠠᠰᠤᠷᠠᠯ ᠤ᠋ᠨ ᠶᠠᠮᠤᠨ ᠤ᠋ ᠲᠥᠷᠦ ᠶ᠋ᠢᠨ ᠨᠠᠷᠢᠨ ᠪᠢᠴᠢᢉ ᠦ᠋ᠨ ᠳᠠᠷᠤᠭ᠎ᠠ ᠬᠠ‍᠂ ᠪᠠᠲᠤᠵᠢᠷᠭᠠᠯ ᠬᠣᠨ᠋ᠻᠣᠩ ᠦ᠋ᠨ ᢈᠡᠦᢈᠡᠳ ᠢ᠋ ᠢᠪᠡᢉᠡᢈᠦ ᠰᠠᠩ ᠤ᠋ᠨ ᠲᠥᠯᠦᢉᠡᠯᠡᠯ ᠢ᠋ ᢈᠦᠯᠢᠶᠡᠨ ᠠᠪᠴᠤ ᠠᠭᠤᠯᠵᠠᠨ᠂ «ᠰᠤᠷᠭᠠᠭᠤᠯᠢ ᠲᠠᠢ ᠬᠠᠮᠲᠤᠷᠠᠨ ᢈᠡᠦᢈᠡᠳ ᠬᠠᠮᠠᠭᠠᠯᠠᠯ ᠢ᠋ ᠰᠠᠶᠢᠵᠢᠷᠠᠭᠤᠯᠬᠤ ᠨᠢ» ᠲᠥᠰᠦᠯ ᠦ᠋ᠨ ᠶᠠᠪᠤᠴᠠ ᠲᠠᠢ ᠲᠠᠨᠢᠯᠴᠠᠵᠤ᠂ ᠰᠠᠨᠠᠯ ᠰᠣᠯᠢᠯᠴᠠᠯ᠎ᠠ᠃  

ᠤᠭ ᠲᠥᠰᠦᠯ ᠢ᠋ ᠬᠣᠨ᠋ᠻᠣᠩ ᠦ᠋ᠨ ᢈᠡᠦᢈᠡᠳ ᠢ᠋ ᠢᠪᠡᢉᠡᢈᠦ ᠰᠠᠩ ᠤ᠋ᠨ ᠰᠠᠩᢈᠦᠵᠢᠯᠲᠡ ᠪᠡᠷ ᠒᠐᠒᠓ ᠣᠨ ᠠ᠋ᠴᠠ ᠡᢈᠢᠯᠡᠨ ᠤᠯᠠᠭᠠᠨᠪᠠᠭᠠᠲᠤᠷ ᠬᠣᠲᠠ ᠪᠣᠯᠤᠨ ᠭᠣᠪᠢ-ᠠᠯᠲᠠᠢ᠂ ᠬᠣᠪᠳᠤ ᠠᠶᠢᠮᠠᠭ ᠤ᠋ᠨ ᠑᠔ ᠰᠤᠷᠭᠠᠭᠤᠯᠢ ᠳ᠋ᠤ ᠗᠐᠐ ᠪᠠᠭᠰᠢ᠂ ᠠᠵᠢᠯᠲᠠᠨ᠂ ᠑᠓᠂᠐᠐᠐ ᠰᠤᠷᠤᠭᠴᠢ᠂ ᠲᠡᠳᠡᠨ ᠦ᠋ ᠡᠴᠢᢉᠡ ᠡᢈᠡ᠂ ᠠᠰᠠᠷᠠᠨ ᠬᠠᠮᠠᠭᠠᠯᠠᠭᠴᠢᠳ᠂ ᠬᠠᠮᠲᠤᠷᠠᠭᠰᠠᠨ ᠑᠑᠒ ᠪᠠᠭ᠂ ᠣᠷᠤᠨ ᠨᠤᠲᠤᠭ ᠤ᠋ᠨ ᠵᠠᠰᠠᠭ ᠵᠠᢈᠢᠷᠭᠠᠨ ᠤ᠋ ᠠᠯᠪᠠᠨ ᠬᠠᠭᠠᠭᠴᠢᠳ ᠢ᠋ ᠬᠠᠮᠤᠷᠤᠭᠤᠯᠤᠨ ᢈᠡᠷᠡᢉᠵᠢᢉᠦᠯᠵᠦ ᠪᠠᠶᠢᠨ᠎ᠠ᠃

ᠡᠨᠡ ᢈᠦ ᠲᠥᠰᠦᠯ ᠢ᠋ᠶᠡᠷ ᠳᠠᠮᠵᠢᠭᠤᠯᠤᠨ ᠵᠣᠷᠢᠯᠲᠠᠲᠤ ᠰᠤᠷᠭᠠᠭᠤᠯᠢ ᠨᠤᠭᠤᠳ ᠤ᠋ᠨ ᠪᠠᠭᠰᠢ ᠠᠵᠢᠯᠲᠠᠨ᠂ ᠰᠤᠷᠤᠭᠴᠢ᠂ ᠡᠴᠢᢉᠡ ᠡᢈᠡ᠂ ᠠᠰᠠᠷᠠᠨ ᠬᠠᠮᠠᠭᠠᠯᠠᠭᠴᠢᠳ ᠪᠣᠯᠤᠨ ᠬᠠᠮᠲᠤᠷᠠᠭᠰᠠᠨ ᠪᠠᠭ ᠤ᠋ᠳ ᠢ᠋ ᠬᠠᠮᠤᠷᠤᠭᠤᠯᠤᠨ ᠰᠤᠷᠭᠠᠭᠤᠯᠢ ᠳ᠋ᠤ ᠰᠠᠭᠤᠷᠢᠯᠠᠭᠰᠠᠨ ᢈᠡᠦᢈᠡᠳ ᠬᠠᠮᠠᠭᠠᠯᠠᠯ ᠤ᠋ᠨ ᠮᠧᢈᠠᠨᠢᠰᠮ ᠢ᠋ ᢈᠥᢉᠵᠢᢉᠦᠯᠵᠦ᠂ ᠦᠷ᠎ᠡ ᠳ᠋ᠦᠩ ᠲᠡᠢ ᠤᠷᠢᠳᠴᠢᠯᠠᠨ ᠰᠡᠷᢉᠡᠶᠢᠯᠡᢈᠦ᠂ ᠡᠷᠲᠡ ᠢᠯᠡᠷᠡᢉᠦᠯᢈᠦ᠂ ᠬᠠᠷᠢᠭᠤ ᠠᠷᠭ᠎ᠠ ᢈᠡᠮᠵᠢᠶ᠎ᠡ ᠠᠪᠬᠤ ᠬᠠᠮᠲᠤ ᠶ᠋ᠢᠨ ᠠᠵᠢᠯᠯᠠᠭᠠᠨ ᠤ᠋ ᠵᠠᠭᠪᠤᠷ ᠪᠤᠢ ᠪᠣᠯᠭᠠᠬᠤ ᠳ᠋ᠤ ᠵᠣᠷᠢᠵᠤ ᠪᠠᠶᠢᠭ᠎ᠠ ᠶᠤᠮ᠃  

ᠤᠭ ᠲᠥᠰᠦᠯ ᠢ᠋ ᠪᠤᠰᠤᠳ ᠬᠠᠮᠲᠤᠷᠠᠭᠴᠢ ᠣᠯᠠᠨ ᠤᠯᠤᠰ ᠤ᠋ᠨ ᠲᠦᠩᠰᠢ ᠪᠠᠶᠢᠭᠤᠯᠤᠯᠭ᠎ᠠ ᠨᠤᠭᠤᠳ ᠤ᠋ᠨ ᠦᠢᠯᠡ ᠠᠵᠢᠯᠯᠠᠭ᠎ᠠ ᠲᠠᠢ ᠤᠶᠠᠯᠳᠤᠭᠤᠯᠬᠤ ᠨᠢ ᠴᠢᠬᠤᠯᠠ ᠪᠣᠯᠬᠤ ᠶ᠋ᠢ ᠪᠣᠯᠪᠠᠰᠤᠷᠠᠯ ᠤ᠋ᠨ ᠶᠠᠮᠤᠨ ᠤ᠋ ᠲᠥᠷᠦ ᠶ᠋ᠢᠨ ᠨᠠᠷᠢᠨ ᠪᠢᠴᠢᢉ ᠦ᠋ᠨ ᠳᠠᠷᠤᠭ᠎ᠠ ᠬᠠ‍᠂ ᠪᠠᠲᠤᠵᠢᠷᠭᠠᠯ ᢈᠡᠯᠡᠵᠦ᠂ ᠲᠥᠰᠦᠯ ᠦ᠋ᠨ ᢈᠦᠷᠢᠶᠡᠨ ᠳ᠋ᠦ ᠪᠣᠯᠪᠠᠰᠤᠷᠠᠭᠤᠯᠤᠭᠰᠠᠨ ᠭᠠᠷ ᠤ᠋ᠨ ᠠᠪᠤᠯᠭ᠎ᠠ᠂ ᠴᠢᠨᠠᠭᠰᠢᠳᠠ ᠭᠠᠷᠬᠤ ᠦᠷ᠎ᠡ ᠳ᠋ᠦᠩ᠂ ᠰᠠᠶᠢᠨ ᠲᠤᠷᠰᠢᠯᠭ᠎ᠠ᠂ ᠠᠷᠭ᠎ᠠ ᠵᠦᠢ ᠶ᠋ᠢ ᠦᠨᠳᠦᠰᠦᠨ ᠦ᠋ ᢈᠡᠮᠵᠢᠶᠡᠨ ᠳ᠋ᠦ ᠳᠡᠯᢉᠡᠷᠡᢉᠦᠯᠵᠦ᠂ ᠨᠤᠲᠤᠭᠰᠢᠭᠤᠯᠬᠤ ᠳ᠋ᠤ ᠳᠡᠮᠵᠢᠯᢉᠡ ᠦᠵᠡᢉᠦᠯᠦᠨ᠎ᠡ ᢉᠡᠳᠡᢉ ᠢ᠋ᠶᠡᠨ ᠢᠯᠡᠷᢈᠡᠶᠢᠯᠡᠯ᠎ᠡ᠃