ᠵᠠᠰᠠᠭ ᠤ᠋ᠨ ᠭᠠᠵᠠᠷ ᠠ᠋ᠴᠠ ᠒᠐᠒᠖ ᠣᠨ ᠢ᠋ «ᠪᠣᠯᠪᠠᠰᠤᠷᠠᠯ ᠢ᠋ ᠳᠡᠮᠵᠢᢈᠦ ᠵᠢᠯ» ᠪᠣᠯᠭᠠᠨ ᠵᠠᠷᠯᠠᠭᠰᠠᠨ ᠲᠠᠢ ᠬᠣᠯᠪᠤᠭᠳᠠᠭᠤᠯᠤᠨ ᠪᠡᠯᠡᠳᢈᠡᠯ ᠠᠵᠢᠯ ᠢ᠋ ᠬᠠᠩᠭᠠᠬᠤ᠂ ᠪᠣᠯᠪᠠᠰᠤᠷᠠᠯ ᠤ᠋ᠨ ᠰᠠᠯᠪᠤᠷᠢ ᠳ᠋ᠤ ᠠᠪᠴᠤ ᢈᠡᠷᠡᢉᠵᠢᢉᠦᠯᢈᠦ ᠰᠢᠨᠡᠴᠢᠯᠡᠯ ᠦ᠋ᠨ ᠪᠣᠳᠤᠯᠭᠠ᠂ ᠠᠷᠭᠠ ᢈᠡᠮᠵᠢᠶᠡ᠂ ᠱᠠᠭᠠᠷᠳᠠᠯᠭᠠᠲᠠᠢ ᢈᠥᠷᠦᠩᢉᠡ ᠣᠷᠤᠭᠤᠯᠤᠯᠲᠠ᠂ ᠲᠥᠰᠦᠪ ᠦ᠋ᠨ ᠰᠠᠨᠠᠯ ᠪᠣᠯᠪᠠᠰᠤᠷᠠᠭᠤᠯᠬᠤ ᠴᠢᢉ ᠡᢉᠦᠷᢉᠡ ᠪᠦᢈᠦᠢ ᠠᠵᠢᠯ ᠤ᠋ᠨ ᢈᠡᠰᠡᢉ ᠢ᠋ ᠶᠡᠷᠦᠩᢈᠡᠢ ᠰᠠᠶᠢᠳ ᠤ᠋ᠨ ᠵᠠᢈᠢᠷᠤᠮᠵᠢ ᠪᠠᠷ ᠪᠠᠶᠢᠭᠤᠯᠤᠭᠰᠠᠨ ᠶᠤᠮ᠃
ᠲᠤᠰ ᠠᠵᠢᠯ ᠤ᠋ᠨ ᢈᠡᠰᠡᢉ ᠥᠨᠦᠳᠦᠷ ᠠᠩᠬᠠᠨ ᠤ᠋ ᠬᠤᠷᠠᠯ ᠢ᠋ᠶᠠᠨ ᢈᠢᠵᠦ᠂ ᠪᠣᠯᠪᠠᠰᠤᠷᠠᠯ ᠤ᠋ᠨ ᠶᠠᠮᠤᠨ ᠤ᠋ ᠨᠢᢉᠡᠳᠦᢉᠰᠡᠨ ᠪᠣᠳᠤᠯᠭᠠ ᠲᠥᠯᠦᠪᠯᠡᠯᠲᠡ ᠶ᠋ᠢᠨ ᠭᠠᠵᠠᠷ ᠤ᠋ᠨ ᠳᠠᠷᠤᠭᠠ ᠫ᠂ᠣᠶᠤᠨᠠ ᠶ᠋ᠢᠨ «ᠪᠣᠯᠪᠠᠰᠤᠷᠠᠯ ᠪᠠ ᠪᠤᠰᠤᠳ ᠰᠠᠯᠪᠤᠷᠢ ᠶ᠋ᠢᠨ ᢈᠥᢉᠵᠢᠯ ᠦ᠋ᠨ ᠦᠵᠡᢉᠦᠯᠦᠯᠲᠡ ᠨᠦ᠋ᢉᠦᠳ ᠦ᠋ᠨ ᠤᠶᠠᠯᠳᠤᠭᠠ»᠂ ᠪᠣᠯᠪᠠᠰᠤᠷᠠᠯ ᠤ᠋ᠨ ᠶᠠᠮᠤᠨ ᠤ᠋ ᠰᠠᠩᢈᠦᠦ᠂ ᢈᠥᠷᠦᠩᢉᠡ ᠣᠷᠤᠭᠤᠯᠤᠯᠲᠠ ᠶ᠋ᠢᠨ ᠭᠠᠵᠠᠷ ᠤ᠋ᠨ ᠳᠠᠷᠤᠭᠠ ᠪ᠂ ᠪᠠᠲᠤᠴᠡᠴᠡᢉ ᠦ᠋ᠨ «ᠳᠤᠮᠳᠠ ᠬᠤᠭᠤᠴᠠᠭᠠᠨ ᠳ᠋ᠤ ᠪᠣᠯᠪᠠᠰᠤᠷᠠᠯ ᠤ᠋ᠨ ᠰᠠᠯᠪᠤᠷᠢ ᠳ᠋ᠤ ᠱᠠᠭᠠᠷᠳᠠᠭᠳᠠᠬᠤ ᠲᠥᠰᠦᠪ᠂ ᢈᠥᠷᠦᠩᢉᠡ ᠣᠷᠤᠭᠤᠯᠤᠯᠲᠠ ᠶ᠋ᠢᠨ ᠲᠤᠬᠠᠢ» ᠢᠯᠡᠳᢈᠡᠯ ᠦ᠋ᠳ ᠢ᠋ ᢈᠡᠯᠡᠯᠴᠡᠯᠡ᠃
ᠮᠥᠨ ᠪᠣᠯᠪᠠᠰᠤᠷᠠᠯ ᠤ᠋ᠨ ᠰᠠᠶᠢᠳ᠂ ᠲᠤᠰ ᠠᠵᠢᠯ ᠤ᠋ᠨ ᢈᠡᠰᠡᢉ ᠦ᠋ᠨ ᠠᠬᠠᠯᠠᠭᠴᠢ ᠫᠦ᠂ ᠨᠠᠷᠠᠨᠪᠠᠶᠠᠷ ᠤ᠋ᠨ «ᠠᠵᠢᠯ ᠤ᠋ᠨ ᢈᠡᠰᠡᢉ ᠦ᠋ᠨ ᠦᠶᠢᠯᠡ ᠠᠵᠢᠯᠯᠠᠭᠠᠨ ᠤ᠋ ᠲᠥᠯᠦᠪᠯᠡᢉᠡᠨ ᠦ᠋ ᠲᠥᠰᠦᠯ ᠦ᠋ᠨ ᠲᠤᠬᠠᠢ» ᠰᠠᠨᠠᠯ ᠰᠣᠯᠢᠯᠴᠠᠪᠠ᠃
ᠦᠢᠯᠡ ᠠᠵᠢᠯᠯᠠᠭᠠᠨ ᠤ᠋ ᠲᠥᠯᠦᠪᠯᠡᢉᠡᠨ ᠦ᠋ ᠲᠥᠰᠦᠯ ᠨᠢ ᠮᠣᠩᠭᠣᠯ ᠤᠯᠤᠰ ᠤ᠋ᠨ ᠵᠠᠰᠠᠭ ᠤ᠋ᠨ ᠭᠠᠵᠠᠷ ᠤ᠋ᠨ ᠒᠐᠒᠔-᠒᠐᠒᠘ ᠣᠨ ᠤ᠋ ᠦᠶᠢᠯᠡ ᠠᠵᠢᠯᠯᠠᠭᠠᠨ ᠤ᠋ ᢈᠥᠲᠦᠯᠪᠦᠷᠢ ᠳ᠋ᠦ ᠲᠤᠰᠤᠭᠰᠠᠨ «ᠡᠷᠳᠡᠮ ᠪᠣᠯᠪᠠᠰᠤᠷᠠᠯ ᠲᠠᠢ ᠮᠣᠩᠭᠣᠯ ᢈᠦᠮᠦᠨ» ᠵᠣᠷᠢᠯᠭᠠ ᠶ᠋ᠢ ᢈᠡᠷᠡᢉᠵᠢᢉᠦᠯᢈᠦ᠂ ᠲᠡᢉᠰᠢ᠂ ᢈᠦᠷᠲᠡᢉᠡᠮᠵᠢᠲᠡᠢ᠂ ᠴᠢᠨᠠᠷᠲᠠᠢ ᠪᠣᠯᠪᠠᠰᠤᠷᠠᠯ ᠤ᠋ᠨ ᠨᠢᢉᠡᠳᠦᢉᠰᠡᠨ ᠲᠣᠭᠲᠠᠯᠴᠠᠭᠠ ᠶ᠋ᠢ ᠪᠡᢈᠢᠵᠢᢉᠦᠯᢈᠦ ᠵᠣᠷᠢᠯᠭᠠ ᠲᠠᠢ ᠶᠤᠮ᠃
ᠲᠤᠰ ᠲᠥᠰᠦᠯ ᠳ᠋ᠦ «ᠪᠣᠯᠪᠠᠰᠤᠷᠠᠯ ᠤ᠋ᠨ ᠰᠠᠯᠪᠤᠷᠢ ᠶ᠋ᠢᠨ ᠒᠐᠒᠖ ᠣᠨ ᠤ᠋ ᠲᠥᠰᠦᠪ ᠦ᠋ᠨ ᠨᠡᢉᠡᢉᠡᠯᠲᠡ ᠲᠡᠢ ᢈᠡᠯᠡᠯᠴᠡᢉᠦᠯᢉᠡ᠂ ᠵᠥᠪᠯᠡᠯᠳᠦᢈᠦ ᠠᠭᠤᠯᠵᠠᠯᠲᠠ ᠵᠣᢈᠢᠶᠠᠨ ᠪᠠᠶᠢᠭᠤᠯᠬᠤ»᠂ «ᠪᠣᠯᠪᠠᠰᠤᠷᠠᠯ ᠤ᠋ᠨ ᢈᠦᠷᠲᠡᢉᠡᠮᠵᠢ᠂ ᠴᠢᠨᠠᠷ ᠢ᠋ ᠰᠠᠶᠢᠵᠢᠷᠠᠭᠤᠯᠬᠤ ᠴᠢᢉᠯᠡᠯ ᠢ᠋ᠶᠡᠷ ᠒᠐᠒᠖ ᠣᠨ ᠳ᠋ᠤ ᢈᠡᠷᠡᢉᠵᠢᢉᠦᠯᢈᠦ ᠲᠥᠰᠦᠯ᠂ ᠠᠷᠭᠠ ᢈᠡᠮᠵᠢᠶᠡᠨ ᠦ᠋ ᢈᠥᠷᠦᠩᢉᠡ ᠣᠷᠤᠭᠤᠯᠤᠯᠲᠠ᠂ ᠲᠡᢉᠦᠨ ᠦ᠋ ᠡᢈᠢ ᠡᢉᠦᠰᠪᠦᠷᠢ ᠶ᠋ᠢ ᠲᠣᠳᠤᠷᠬᠠᠢ ᠪᠣᠯᠭᠠᠵᠤ᠂ ᠵᠠᠰᠠᠭ ᠤ᠋ᠨ ᠭᠠᠵᠠᠷ ᠢ᠋ᠶᠠᠷ ᢈᠡᠯᠡᠯᠴᠡᢉᠦᠯᠵᠦ᠂ ᠪᠠᠲᠤᠯᠠᠭᠤᠯᠬᠤ»᠂ «ᠪᠠᠭᠰᠢ ᠶ᠋ᠢᠨ ᠨᠡᠶᠢᢉᠡᠮ ᠦ᠋ᠨ ᠬᠠᠮᠠᠭᠠᠯᠠᠯ ᠤ᠋ᠨ ᠴᠣᠭᠴᠠ ᠠᠷᠭᠠ ᢈᠡᠮᠵᠢᠶᠡ ᠶ᠋ᠢ ᠲᠠᠨᠢᠯᠴᠠᠭᠤᠯᠬᠤ ᠠᠭᠤᠯᠵᠠᠯᠲᠠ ᠶ᠋ᠢ ᠬᠣᠯᠪᠤᠭᠳᠠᠬᠤ ᠦ᠂ ᠡ᠂ -ᠶ᠋ᠢᠨ ᠪᠠᠶᠢᠭᠤᠯᠤᠯᠭᠠ ᠲᠠᠢ ᠬᠠᠮᠲᠤᠷᠠᠨ ᠵᠣᢈᠢᠶᠠᠨ ᠪᠠᠶᠢᠭᠤᠯᠬᠤ»᠂ «ᠤᠯᠠᠭᠠᠨᠪᠠᠭᠠᠲᠤᠷ ᠪᠣᠯᠤᠨ ᠪᠦᠰᠡ ᠨᠦ᠋ᢉᠦᠳ ᠲᠦᠷ ᠲᠥᠷᠦᠯᠵᠢᢉᠰᠡᠨ ᠠᠬᠠᠯᠠᠬᠤ ᠰᠤᠷᠭᠠᠭᠤᠯᠢ ᠶ᠋ᠢ ᠨᠡᢉᠡᢉᠡᢈᠦ»᠂ «ᠠᠵᠢᠯᠯᠠᠩᠭ᠋ ᠠ᠋ ᠰᠤᠷᠬᠤ ᠪᠣᠯᠤᠮᠵᠢ ᠶ᠋ᠢ ᠣᠯᠭᠤᠬᠤ ᠲ᠂ ᠬ᠂ ᠬ᠂ ᠲ᠂ ᠳ᠋ᠤ ᠰᠠᠭᠤᠷᠢᠯᠠᠭᠰᠠᠨ ᠬᠣᠣᠰᠮᠠᠭ ᠰᠤᠷᠭᠠᠯᠲᠠ ᠶ᠋ᠢᠨ ᠨᠡᢉᠡᢉᠡᠯᠲᠡ ᢈᠢᢈᠦ» ᠵᠡᠷᢉᠡ ᠲᠣᠮᠤᠬᠠᠨ ᠠᠵᠢᠯ ᠤ᠋ᠳ ᠢ᠋ ᠲᠥᠯᠦᠪᠯᠡᠵᠡᠢ᠃