Хаах

ᠬᠣᠶᠢᠳᠤ ᠪᠦᠰᠡ ᠶ᠋ᠢᠨ ᠵᠥᠪᠯᠡᠯ ᠦ᠋ᠨ ᠠᠩᠬᠠᠳᠤᠭᠠᠷ ᠬᠤᠷᠠᠯᠳᠤᠭᠠᠨ ᠪᠤᠯᠠᠭᠠᠨ ᠠᠶᠢᠮᠠᠭ ᠲᠤ ᠪᠣᠯᠤᠯ᠎ᠠ

A- A A+
ᠬᠣᠶᠢᠳᠤ ᠪᠦᠰᠡ ᠶ᠋ᠢᠨ ᠵᠥᠪᠯᠡᠯ ᠦ᠋ᠨ ᠠᠩᠬᠠᠳᠤᠭᠠᠷ ᠬᠤᠷᠠᠯᠳᠤᠭᠠᠨ ᠪᠤᠯᠠᠭᠠᠨ ᠠᠶᠢᠮᠠᠭ ᠲᠤ ᠪᠣᠯᠤᠯ᠎ᠠ

ᠪᠤᠯᠠᠭᠠᠨ ᠠᠶᠢᠮᠠᠭ ᠲᠤ ᠬᠣᠶᠢᠳᠤ ᠪᠦᠰᠡ ᠶ᠋ᠢᠨ ᠵᠥᠪᠯᠡᠯ ᠦ᠋ᠨ ᠠᠩᠬᠠᠳᠤᠭᠠᠷ ᠬᠤᠷᠠᠯᠳᠤᠭᠠᠨ ᠠᠮᠵᠢᠯᠲᠠᠲᠠᠢ ᠵᠣᢈᠢᠶᠠᠨ ᠪᠠᠶᠢᠭᠤᠯᠤᠭᠳᠠᠯ᠎ᠠ᠃ ᠬᠤᠷᠠᠯᠳᠤᠭᠠᠨ ᠳ᠋ᠤ ᠪᠤᠯᠠᠭᠠᠨ᠂ ᠣᠷᠬᠤᠨ᠂ ᢈᠥᠪᠰᠦᢉᠦᠯ ᠠᠶᠢᠮᠠᠭ ᠤ᠋ᠨ ᠤᠳᠤᠷᠢᠳᠤᠯᠭ᠎ᠠ ᠨᠤᠭᠤᠳ᠂ ᠡᠷᠳᠡᠮᠲᠡᠨ ᠰᠤᠳᠤᠯᠤᠭᠠᠴᠢᠳ᠂ ᠢᠷᢉᠡᠳ ᠣᠷᠤᠯᠴᠠᠵᠤ᠂ ᠪᠦᠰᠡ ᠶ᠋ᠢᠨ ᢈᠥᢉᠵᠢᠯ ᠦ᠋ᠨ ᠵᠣᠷᠢᠯᠲᠠ᠂ ᠲᠤᠯᠭᠠᠮᠳᠠᠵᠤ ᠪᠤᠢ ᠠᠰᠠᠭᠤᠳᠠᠯ ᠤ᠋ᠳ ᠪᠣᠯᠤᠨ ᠲᠡᠷᠢᢉᠦᠯᠡᢈᠦ ᠲᠥᠰᠦᠯ ᠦ᠋ᠳ ᠦ᠋ᠨ ᠲᠠᠯ ᠠ᠋ ᠪᠠᠷ ᢈᠡᠯᠡᠯᠴᠡᠪᠡ᠃  

ᠬᠤᠷᠠᠯᠳᠤᠭᠠᠨ ᠠ᠋ᠴᠠ ᠬᠣᠶᠢᠳᠤ ᠪᠦᠰᠡ ᠶ᠋ᠢ «ᠪᠠᠶᠢᠭᠠᠯᠢ ᠶ᠋ᠢᠨ ᠠᠶᠠᠯᠠᠯ ᠵᠢᠭᠤᠯᠴᠢᠯᠠᠯ ᠤ᠋ᠨ ᠲᠥᠷᠦᠯᠵᠢᢉᠰᠡᠨ᠂ ᠠᠵᠤ ᠦᠶᠢᠯᠡᠳᠪᠦᠷᠢ ᠶ᠋ᠢᠨ ᠳᠡᠳ᠋ ᠪᠦᠰᠡ» ᠪᠣᠯᠭᠠᠨ ᢈᠥᢉᠵᠢᢉᠦᠯᢈᠦ ᠴᠢᢉᠯᠡᠯ ᠪᠠᠷᠢᠮᠲᠠᠯᠠᠬᠤ ᠪᠠᠷ ᠰᠢᠢᠳᠪᠦᠷᠢᠯᠡᠵᠦ᠂ ᠳᠠᠷᠠᠭᠠᢈᠢ ᠲᠣᠮᠤᠬᠠᠨ ᠲᠥᠰᠦᠯ ᠦ᠋ᠳ ᠢ᠋ ᢈᠡᠷᠡᢉᠵᠢᢉᠦᠯᢈᠦ ᠪᠡᠷ ᠲᠥᠯᠦᠪᠯᠡᢉᠡᠳ ᠪᠠᠶᠢᠨ᠎ᠠ᠃  ᠡᢉᠦᠨ ᠳ᠋ᠦ:

• ᠵᠡᠰ ᠦ᠋ᠨ ᠪᠠᠶᠠᠵᠢᠮᠠᠯ ᠬᠠᠶᠢᠯᠠᠭᠤᠯᠬᠤ᠂ ᠪᠣᠯᠪᠠᠰᠤᠷᠠᠭᠤᠯᠬᠤ ᠦᠢᠯᠡᠳᠪᠦᠷᠢ᠂

• ᠮᠥᠷᠡᠨ ᠦ᠋ ᠔С ᠠᠩᢉᠢᠯᠠᠯ ᠤ᠋ᠨ ᠨᠢᠰᢈᠦ ᠪᠠᠭᠤᠳᠠᠯ᠂

• ᠡᢉ ᠦ᠋ᠨ ᠭᠣᠣᠯ ᠤ᠋ᠨ ᠤᠰᠤᠨ ᠴᠠᢈᠢᠯᠭᠠᠨ ᠰᠲ᠋ᠠᠨ᠋ᠼᠢ᠂

• ᠠᠦ᠋ᠲ᠋ᠣ᠋ ᠵᠠᠮ ᠤ᠋ᠨ ᠳᠡᠳ᠋ ᠪᠦᠲᠦᠴᠡ ᠶ᠋ᠢᠨ ᠲᠥᠰᠦᠯ ᠦ᠋ᠳ ᠪᠠᠭᠲᠠᠵᠡᠢ᠃  

ᠢᠷᢉᠡᠳ᠂ ᠣᠷᠤᠨ ᠨᠤᠲᠤᠭ ᠤ᠋ᠨ ᠤᠳᠤᠷᠢᠳᠤᠯᠭ᠎ᠠ ᠨᠤᠭᠤᠳ ᠤ᠋ᠨ ᠭᠠᠷᠭᠠᠭᠰᠠᠨ ᠰᠠᠨᠠᠯ᠂ ᠰᠠᠨᠠᠭᠠᠴᠢᠯᠠᠭ᠎ᠠ ᠶ᠋ᠢᠨ ᠵᠠᠷᠢᠮ ᠢ᠋ ᠵᠠᠰᠠᠭ ᠤ᠋ᠨ ᠭᠠᠵᠠᠷ ᠤ᠋ᠨ ᠬᠤᠷᠠᠯᠳᠤᠭᠠᠨ ᠢ᠋ᠶᠠᠷ ᢈᠡᠯᠡᠯᠴᠡᠨ ᠰᠢᠢᠳᠪᠦᠷᠢᠯᠡᢈᠦ ᠪᠡᠷ ᠪᠣᠯᠤᠭᠰᠠᠨ ᠪᠠᠶᠢᠨ᠎ᠠ᠃

ᠬᠤᠷᠠᠯᠳᠤᠭᠠᠨ ᠢ᠋ᠶᠠᠷ ᠪᠣᠯᠪᠠᠰᠤᠷᠠᠯ ᠤ᠋ᠨ ᠰᠠᠶᠢᠳ ᠫᠦ‍᠂ ᠨᠠᠷᠠᠨᠪᠠᠶᠠᠷ ᠢᠷᢉᠡᠳ ᠦ᠋ᠨ ᠠᠰᠠᠭᠤᠯᠲᠠ ᠳ᠋ᠤ ᠬᠠᠷᠢᠭᠤᠯᠠᠬᠤ ᠳ᠋ᠠᠭᠠᠨ «ᠬᠣᠶᠢᠳᠤ ᠪᠦᠰᠡ ᠶ᠋ᠢᠨ ᢈᠦᠮᠦᠨ ᠠᠮᠠ ᠶ᠋ᠢᠨ ᠥᠰᠦᠯᠲᠡ ᠲᠡᠢ ᠤᠶᠠᠯᠳᠤᠭᠤᠯᠤᠭᠠᠳ ᠤᠬᠠᠭᠠᠯᠢᠭ ᠣᠶᠤᠨ ᠤᠬᠠᠭᠠᠨ ᠢ᠋ᠶᠠᠷ ᠲᠠᠩᠳᠠᠯᠲᠠ ᢈᠢᢈᠦ ᠳ᠋ᠦ ᠰᠢᠨ᠎ᠡ ᠪᠡᠷ ᠪᠠᠷᠢᠬᠤ ᠱᠠᠭᠠᠷᠳᠠᠯᠭ᠎ᠠ ᠲᠠᠢ ᠰᠤᠷᠭᠠᠭᠤᠯᠢ᠂ ᠴᠡᠴᠡᠷᠯᠢᢉ ᠦ᠋ᠨ ᢈᠡᠷᠡᢉᠴᠡᢉᠡ ᠪᠤᠯᠠᠭᠠᠨ ᠠᠶᠢᠮᠠᠭ ᠲᠤ ᠬᠠᠷᠢᠴᠠᠩᠭᠤᠢ ᠭᠠᠶᠢᠭᠤᠢ᠂ ᠣᠷᠬᠤᠨ᠂ ᢈᠥᠪᠰᠦᢉᠦᠯ ᠠᠶᠢᠮᠠᠭ ᠤ᠋ᠳ ᠲᠤ ᠨᠢᠯᠢᠶᠡᠳ ᠪᠠᠶᠢᠭ᠎ᠠ ᠶ᠋ᠢ ᠬᠠᠷᠠᠭᠠᠯᠵᠠᠨ ᠦᠵᠡᠵᠦ᠂ ᠲᠥᠰᠦᠪ ᠰᠠᠩᢈᠦᠦ ᠶ᠋ᠢᠨ ᠲᠣᠭᠠᠴᠠᠭᠠᠯᠠᠯ ᠭᠠᠷᠭᠠᠨ᠎ᠠ᠃ ᠪᠠᠷᠢᠭᠳᠠᠵᠤ ᠳᠠᠭᠤᠰᠬᠤ ᠦᢉᠡᠢ ᠣᠯᠠᠨ ᠵᠢᠯ ᠪᠣᠯᠵᠤ ᠪᠠᠶᠢᠭ᠎ᠠ ᠰᠤᠷᠭᠠᠭᠤᠯᠢ᠂ ᠴᠡᠴᠡᠷᠯᠢᢉ ᠦ᠋ᠨ ᠪᠠᠷᠢᠯᠭ᠎ᠠ ᠨᠤᠭᠤᠳ ᠲᠤ ᠰᠢᠯᠭᠠᠯᠲᠠ ᠣᠷᠤᠭᠤᠯᠵᠤ᠂ ᢉᠡᠷ᠎ᠡ ᠴᠤᠴᠠᠯᠠᠬᠤ ᠱᠠᠭᠠᠷᠳᠠᠯᠭ᠎ᠠ ᠲᠠᠢ ᠶ᠋ᠢ ᠨᠢ ᠴᠤᠴᠠᠯᠠᠵᠤ᠂ ᠠᠵᠢᠯ ᠢ᠋ ᠬᠤᠷᠳᠤᠰᠬᠠᠨ᠎ᠠ» ᢉᠡᠯ᠎ᠡ᠃