ᠪᠣᠯᠪᠠᠰᠤᠷᠠᠯ ᠤ᠋ᠨ ᠶᠠᠮᠤᠨ᠂ ᠻᠧᠮᠪᠷᠢᠵ ᠦ᠋ᠨ ᠶᠡᢈᠡ ᠰᠤᠷᠭᠠᠭᠤᠯᠢ ᠶ᠋ᠢᠨ ᠬᠠᠮᠲᠤ ᠶ᠋ᠢᠨ ᠠᠵᠢᠯᠯᠠᠭᠠᠨ ᠤ᠋ ᢈᠦᠷᠢᠶᠡᠨ ᠳ᠋ᠦ ᠻᠧᠮᠪᠷᠢᠵ ᠦ᠋ᠨ ᠪᠠᠭᠰᠢ ᠶ᠋ᠢᠨ ᠮᠡᠷᢉᠡᠵᠢᠯ ᠦ᠋ᠨ ᢈᠥᢉᠵᠢᠯ ᠦ᠋ᠨ ᢈᠥᠲᠦᠯᠪᠦᠷᠢ ᠶ᠋ᠢᠨ ᠤᠳᠤᠷᠢᠳᠤᠭᠴᠢ (program leader) ᠪᠠᠷ ᠪᠡᠯᠡᠳᢈᠡᢉᠳᠡᢉᠰᠡᠨ ᠪᠠᠭᠰᠢ᠂ ᠮᠡᠷᢉᠡᠵᠢᠯᠲᠡᠨ ᠰᠧᠷᠲ᠋ᠢᠹᠢᠻᠠᠲ ᠢ᠋ᠶᠠᠨ ᠭᠠᠷᠳᠠᠨ ᠠᠪᠤᠯᠠ᠃
ᠻᠧᠮᠪᠷᠢᠵ ᠦ᠋ᠨ ᠪᠠᠭᠰᠢᠯᠠᠬᠤᠢ ᠶ᠋ᠢᠨ ᠪᠣᠯᠤᠨ ᠰᠤᠷᠤᠯᠴᠠᠬᠤᠢ ᠶ᠋ᠢᠨ ᠣᠯᠠᠨ ᠤᠯᠤᠰ ᠤ᠋ᠨ ᠰᠧᠷᠲ᠋ᠢᠹᠢᠻᠠᠲ ᠤ᠋ᠨ ᠰᠤᠷᠭᠠᠯᠲᠠ ᠳ᠋ᠤ ᠨᠡᠶᠢᠰᠯᠡᠯ᠂ ᠑᠓ ᠠᠶᠢᠮᠠᠭ ᠤ᠋ᠨ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠶ᠋ᠢᠨ ᠪᠠᠭᠰᠢ᠂ ᠪᠣᠯᠪᠠᠰᠤᠷᠠᠯ ᠤ᠋ᠨ ᠭᠠᠵᠠᠷ ᠤ᠋ᠨ ᠠᠷᠭᠠ ᠵᠦᠶᠢᠴᠢ᠂ ᠮᠡᠷᢉᠡᠵᠢᠯᠲᠡᠨ᠂ ᠪᠣᠯᠪᠠᠰᠤᠷᠠᠯ ᠤ᠋ᠨ ᠶᠡᠷᠦᠩᢈᠡᠢ ᠭᠠᠵᠠᠷ᠂ ᠪᠣᠯᠪᠠᠰᠤᠷᠠᠯ ᠤ᠋ᠨ ᠶᠡᢈᠡ ᠰᠤᠷᠭᠠᠭᠤᠯᠢ ᠶ᠋ᠢᠨ ᠲᠥᠯᠦᢉᠡᠯᠡᠯ ᠡᠴᠡ ᠪᠦᠷᠢᠳᠦᢉᠰᠡᠨ ᠨᠡᠶᠢᠲᠡ ᠒᠑ ᠪᠠᠭᠰᠢ᠂ ᠮᠡᠷᢉᠡᠵᠢᠯᠲᠡᠨ ᠒᠐᠒᠔ ᠣᠨ ᠤ᠋ ᠘ ᠳ᠋ᠤᠭᠠᠷ ᠰᠠᠷᠠ ᠠ᠋ᠴᠠ ᠑᠑ ᠳ᠋ᠤᢉᠡᠷ ᠰᠠᠷᠠ ᠶ᠋ᠢᠨ ᠬᠣᠭᠤᠷᠤᠨᠳᠤ ᠑᠐ ᠳᠣᠯᠤᠭᠠ ᠬᠣᠨᠤᠭ ᠤ᠋ᠨ ᠲᠤᠷᠰᠢᠳᠠ ᠴᠠᢈᠢᠮ ᠢ᠋ᠶᠠᠷ ᠠᠮᠵᠢᠯᠲᠠᠲᠠᠢ ᠰᠤᠷᠤᠯᠴᠠᠨ᠂ ᠠᠩᠬᠠ ᠤᠳᠠᠭᠠ ᠪᠠᠨ ᠲᠡᢉᠦᠰᠦᢉᠰᠡᠨ ᠶᠤᠮ᠃
ᠤᠭ ᠰᠤᠷᠭᠠᠯᠲᠠ ᠳ᠋ᠤ ᠪᠠᠭᠰᠢ ᠨᠠᠷ ᠠ᠋ᠴᠠ ᠭᠠᠳᠠᠨᠠ ᠪᠣᠯᠪᠠᠰᠤᠷᠠᠯ ᠤ᠋ᠨ ᠶᠡᠷᠦᠩᢈᠡᠢ ᠭᠠᠵᠠᠷ᠂ ᠠᠶᠢᠮᠠᠭ᠂ ᠨᠡᠶᠢᠰᠯᠡᠯ ᠦ᠋ᠨ ᠪᠣᠯᠪᠠᠰᠤᠷᠠᠯ ᠤ᠋ᠨ ᠭᠠᠵᠠᠷ ᠤ᠋ᠨ ᠪᠠᠭᠰᠢ ᠶ᠋ᠢᠨ ᢈᠥᢉᠵᠢᠯ ᠬᠠᠷᠢᠭᠤᠴᠠᠭᠰᠠᠨ ᠠᠷᠭᠠ ᠵᠦᠢᠴᠢ᠂ ᠮᠡᠷᢉᠡᠵᠢᠯᠲᠡᠨ ᠨᠦ᠋ᢉᠦᠳ᠂ ᠪᠣᠯᠪᠠᠰᠤᠷᠠᠯ ᠤ᠋ᠨ ᠶᠡᢈᠡ ᠰᠤᠷᠭᠠᠭᠤᠯᠢ ᠶ᠋ᠢᠨ ᠪᠠᠭᠰᠢ ᠨᠠᠷ ᠬᠠᠮᠤᠷᠤᠭᠤᠯᠤᠭᠰᠠᠨ ᠨᠢ ᠣᠨᠴᠠᠯᠢᠭ ᠶᠤᠮ᠃
ᠰᠤᠷᠭᠠᠯᠲᠠ ᠶ᠋ᠢᠨ ᠲᠡᢉᠦᠰᠦᢉᠴᠢᠳ ᠮᠣᠩᠭᠣᠯ ᠤᠯᠤᠰ ᠤ᠋ᠨ ᠪᠣᠯᠪᠠᠰᠤᠷᠠᠯ ᠤ᠋ᠨ ᠶᠡᢈᠡ ᠰᠤᠷᠭᠠᠭᠤᠯᠢ ᠶ᠋ᠢ ᠲᠦᠰᠢᢉᠯᠡᠨ ᠪᠠᠶᠢᠭᠤᠯᠤᠭᠳᠠᠭᠰᠠᠨ «ᠪᠠᠭᠰᠢ ᠶ᠋ᠢᠨ ᢈᠥᢉᠵᠢᠯ ᠢ᠋ ᠳᠡᠮᠵᠢᢈᠦ ᠦᠨᠳᠦᠰᠦᠨ ᠦ᠋ ᠲᠥᠪ» ᠦ᠋ᠨ ᠰᠤᠷᠭᠠᠭᠴᠢ ᠪᠠᠭᠰᠢ ᠪᠠᠷ ᠠᠵᠢᠯᠯᠠᠨ᠂ ᠨᠡᠶᠢᠰᠯᠡᠯ ᠪᠣᠯᠤᠨ ᠒᠑ ᠠᠶᠢᠮᠠᠭ ᠳᠠᢈᠢ ᠪᠠᠭᠰᠢ ᠶ᠋ᠢᠨ ᢈᠥᢉᠵᠢᠯ ᠢ᠋ ᠬᠠᠷᠢᠭᠤᠴᠠᠭᠰᠠᠨ ᠰᠤᠷᠭᠠᠯᠲᠠ ᠶ᠋ᠢᠨ ᠮᠧᠨᠧᠵᠧᠷ᠂ ᠪᠠᠭᠰᠢ ᠨᠠᠷ ᠲᠤ ᠵᠣᠷᠢᠭᠤᠯᠤᠭᠰᠠᠨ «ᠪᠠᠭᠰᠢᠯᠠᠬᠤᠢ ᠪᠠ ᠰᠤᠷᠤᠯᠴᠠᠬᠤᠢ» ᠠᠭᠤᠯᠭᠠ ᠪᠠᠷ ᠰᠤᠷᠭᠠᠯᠲᠠ ᠨᠤᠭᠤᠳ ᠢ᠋ ᠠᠮᠵᠢᠯᠲᠠᠲᠠᠢ ᠵᠣᢈᠢᠶᠠᠨ ᠪᠠᠶᠢᠭᠤᠯᠵᠤ ᠡᢈᠢᠯᠡᢉᠡᠳ ᠪᠠᠶᠢᠨᠠ᠃