Хаах

ᠰᠤᠷᠭᠠᠭᠤᠯᠢ᠂ ᠴᠡᠴᠡᠷᠯᠢᢉ ᠦ᠋ᠨ ᠪᠠᠷᠢᠯᠭ᠎ᠠ ᠶ᠋ᠢᠨ ᠳᠤᠯᠠᠭᠠᠨ ᠠᠯᠳᠠᠭᠳᠠᠯᠲᠠ ᠶ᠋ᠢ ᠪᠠᠭᠤᠷᠠᠭᠤᠯᠬᠤ ᠠᠷᠭ᠎ᠠ ᢈᠡᠮᠵᠢᠶ᠎ᠡ ᠶ᠋ᠢ ᢈᠡᠷᠡᢉᠵᠢᢉᠦᠯᠦᠨ᠎ᠡ

A- A A+
ᠰᠤᠷᠭᠠᠭᠤᠯᠢ᠂ ᠴᠡᠴᠡᠷᠯᠢᢉ ᠦ᠋ᠨ ᠪᠠᠷᠢᠯᠭ᠎ᠠ ᠶ᠋ᠢᠨ ᠳᠤᠯᠠᠭᠠᠨ ᠠᠯᠳᠠᠭᠳᠠᠯᠲᠠ ᠶ᠋ᠢ ᠪᠠᠭᠤᠷᠠᠭᠤᠯᠬᠤ ᠠᠷᠭ᠎ᠠ ᢈᠡᠮᠵᠢᠶ᠎ᠡ ᠶ᠋ᠢ ᢈᠡᠷᠡᢉᠵᠢᢉᠦᠯᠦᠨ᠎ᠡ

ᠪᠣᠯᠪᠠᠰᠤᠷᠠᠯ ᠤ᠋ᠨ ᠰᠠᠶᠢᠳ ᠫᠦ‍᠂ ᠨᠠᠷᠠᠨᠪᠠᠶᠠᠷ ᢉᠧᠷᠮᠠᠨ᠋ ᠤ᠋ ᠣᠯᠠᠨ ᠤᠯᠤᠰ ᠤ᠋ᠨ ᠬᠠᠮᠲᠤ ᠶ᠋ᠢᠨ ᠠᠵᠢᠯᠯᠠᠭᠠᠨ ᠤ᠋ ᠨᠡᠶᠢᢉᠡᠮᠯᠢᢉ ᠦ᠋ᠨ ᠲᠥᠰᠦᠯ ᠦ᠋ᠨ ᠵᠥᠪᠯᠡᢈᠦ ᠪ‍᠂ ᠰᠠᠷᠠᠨᠠᠢ ᠪᠣᠯᠤᠨ ᠬᠣᠲᠠ ᠪᠠᠶᠢᠭᠤᠯᠤᠯᠲᠠ᠂ ᠪᠠᠷᠢᠯᠭ᠎ᠠ᠂ ᠣᠷᠤᠨ ᠰᠠᠭᠤᠴᠠᠵᠢᠭᠤᠯᠤᠯᠲᠠ ᠶ᠋ᠢᠨ ᠶᠠᠮᠤᠨ ᠤ᠋ ᠲᠥᠯᠦᢉᠡᠯᠡᠯ ᠲᠡᠢ ᠠᠭᠤᠯᠵᠠᠯ᠎ᠠ᠃  

ᠮᠣᠩᠭᠣᠯ ᠤᠯᠤᠰ ᠫᠠᠷᠢᠰ ᠤ᠋ᠨ ᢈᠡᠯᠡᠯᠴᠡᢉᠡᠷ ᠢ᠋ᠶᠡᠷ ᢈᠦᠯᠢᠶᠡᢉᠡᢉᠰᠡᠨ ᢈᠦᠯᠡᠮᠵᠢ ᠶ᠋ᠢᠨ ᢈᠡᠢ ᠶ᠋ᠢᠨ ᠢᠯᠭᠠᠷᠠᠯ ᠢ᠋ ᠪᠠᠭᠤᠷᠠᠭᠤᠯᠬᠤ ᠵᠣᠷᠢᠯᠲᠠ ᠶ᠋ᠢ ᢈᠡᠷᠡᢉᠵᠢᢉᠦᠯᢈᠦ ᠠᠵᠢᠯ ᠤ᠋ᠨ ᢈᠦᠷᠢᠶᠡᠨ ᠳ᠋ᠦ ᠲᠥᠷᠦ ᠶ᠋ᠢᠨ ᠥᠮᠴᠢᠲᠦ ᠰᠤᠷᠭᠠᠭᠤᠯᠢ᠂ ᠴᠡᠴᠡᠷᠯᠢᢉ ᠦ᠋ᠨ ᠪᠠᠷᠢᠯᠭ᠎ᠠ ᠶ᠋ᠢᠨ ᠳᠤᠯᠠᠭᠠᠨ ᠠᠯᠳᠠᠭᠳᠠᠯ ᠢ᠋ ᠪᠠᠭᠤᠷᠠᠭᠤᠯᠬᠤ᠂ ᠳᠤᠯᠠᠭᠠᠨ ᠲᠧᠻᠨᠢᢉ ᠦ᠋ᠨ ᠰᠢᠨᠡᠴᠢᠯᠡᠯ ᠢ᠋ ᢈᠡᠷᠡᢉᠵᠢᢉᠦᠯᢈᠦ ᠠᠷᠭ᠎ᠠ ᢈᠡᠮᠵᠢᠶ᠎ᠡ ᠶ᠋ᠢ ᠲᠤᠰᠬᠠᠬᠤ ᠠᠰᠠᠭᠤᠳᠠᠯ ᠢ᠋ᠶᠠᠷ ᠰᠠᠨᠠᠯ ᠰᠣᠯᠢᠯᠴᠠᠯ᠎ᠠ᠃  

ᠰᠤᠷᠭᠠᠭᠤᠯᠢ᠂ ᠴᠡᠴᠡᠷᠯᠢᢉ ᠦ᠋ᠨ ᠳᠤᠯᠠᠭᠠᠨ ᠠᠯᠳᠠᠭᠳᠠᠯ ᠢ᠋ ᠪᠠᠭᠤᠷᠠᠭᠤᠯᠬᠤ ᠠᠵᠢᠯ ᠢ᠋ ᠥᠩᢉᠡᠷᠡᢉᠰᠡᠨ ᠵᠢᠯ ᠦ᠋ᠳ ᠲᠦ ᠣᠯᠠᠨ ᠤᠯᠤᠰ ᠤ᠋ᠨ ᠪᠠᠶᠢᠭᠤᠯᠤᠯᠭ᠎ᠠ ᠨᠤᠭᠤᠳ ᠲᠠᠢ ᠬᠠᠮᠲᠤᠷᠠᠨ ᢈᠡᠷᠡᢉᠵᠢᢉᠦᠯᠵᠦ ᠢᠷᠡᢉᠰᠡᠨ᠃  ᠲᠤᠬᠠᠶᠢᠯᠠᠪᠠᠯ ᠭ᠂ ᠤ‍᠂ ᠤ‍᠂ ᠬ᠂ ᠨ‍᠂ ᠡᠴᠡ ᠨᠡᠶᠢᠰᠯᠡᠯ ᠦ᠋ᠨ ᢉᠡᠷ ᠬᠣᠷᠢᠶᠠᠯᠠᠯ ᠤ᠋ᠨ ᠨᠡᠶᠢᠲᠡ ᠒᠒ ᠰᠤᠷᠭᠠᠭᠤᠯᠢ᠂ ᠴᠡᠴᠡᠷᠯᠢᢉ ᠦ᠋ᠨ ᠪᠠᠷᠢᠯᠭ᠎ᠠ ᠶ᠋ᠢᠨ ᠳᠤᠯᠠᠭᠠᠨ ᠲᠧᠻᠨᠢᢉ ᠦ᠋ᠨ ᠵᠠᠰᠠᠪᠤᠷᠢ ᠰᠢᠨᠡᠴᠢᠯᠡᠯ ᠢ᠋ ᠥᠩᢉᠡᠷᠡᢉᠰᠡᠨ ᠣᠨ ᠨᠤᠭᠤᠳ ᠲᠤ ᢈᠢᢉᠰᠡᠨ ᠪᠥᢉᠡᠳ ᠴᠢᠨᠠᠭᠰᠢᠳᠠ ᠳᠤᠯᠠᠭᠠᠯᠠᠬᠤ ᠱᠠᠭᠠᠷᠳᠠᠯᠭᠠᠲᠠᠢ ᠪᠠᠷᠢᠯᠭ᠎ᠠ ᠨᠤᠭᠤᠳ ᠤ᠋ᠨ ᠵᠢᠭᠰᠠᠭᠠᠯᠲᠠ᠂ ᠲᠣᠭᠠᠴᠠᠭᠠᠯᠠᠯ ᠢ᠋ ᠲᠤᠰ ᠲᠥᠰᠦᠯ ᠦ᠋ᠨ ᢈᠦᠷᠢᠶᠡᠨ ᠳ᠋ᠦ ᠪᠣᠯᠪᠠᠰᠤᠷᠠᠭᠤᠯᠤᠭᠰᠠᠨ ᠪᠠᠶᠢᠨ᠎ᠠ᠃  

ᠪᠣᠯᠪᠠᠰᠤᠷᠠᠯ ᠤ᠋ᠨ ᠰᠠᠶᠢᠳ ᠡᠨᠡ ᢈᠦ ᠠᠵᠢᠯ ᠤ᠋ᠨ ᠴᠢᠬᠤᠯᠠ ᠶ᠋ᠢ ᠣᠨᠴᠠᠯᠠᠨ ᠴᠢᠨᠠᠭᠰᠢᠳᠠ ᠬᠤ‍᠂ ᠪᠠ‍᠂ ᠪᠠ‍᠂ ᠤ‍᠂ ᠰᠠ‍᠂ ᠶᠠ‍᠂ ᠲᠠᠢ ᠬᠠᠮᠲᠤᠷᠠᠨ ᠣᠯᠠᠨ ᠤᠯᠤᠰ ᠤ᠋ᠨ ᠳ᠋ᠣᠨᠤᠷ ᠪᠠᠶᠢᠭᠤᠯᠤᠯᠭ᠎ᠠ ᠨᠤᠭᠤᠳ ᠲᠠᠢ ᠡᠨᠡ ᠠᠵᠢᠯ ᠳᠡᢉᠡᠷ᠎ᠡ ᠬᠠᠮᠲᠤᠷᠠᠨ ᠠᠵᠢᠯᠯᠠᠬᠤ ᠰᠠᠨᠠᠯ ᠢ᠋ ᠲᠠᠯᠪᠢᠯ᠎ᠠ᠃