Хаах

ᠳᠡᠯᠡᢈᠡᠢ ᠶ᠋ᠢᠨ ᠴᠠᢈᠢᠮ ᠪᠣᠯᠪᠠᠰᠤᠷᠠᠯ ᠤ᠋ᠨ ᠴᠢᠭᠤᠯᠭ᠎ᠠ ᠠᠭᠤᠯᠵᠠᠯᠲᠠ ᠪᠦ‍᠂ ᠨᠠ‍᠂ ᠬᠢ‍᠂ ᠠ‍᠂ ᠤ‍᠂ ᠳ᠋ᠤ ᠡᢈᠢᠯᠡᠯ᠎ᠡ

A- A A+
ᠳᠡᠯᠡᢈᠡᠢ ᠶ᠋ᠢᠨ ᠴᠠᢈᠢᠮ ᠪᠣᠯᠪᠠᠰᠤᠷᠠᠯ ᠤ᠋ᠨ ᠴᠢᠭᠤᠯᠭ᠎ᠠ ᠠᠭᠤᠯᠵᠠᠯᠲᠠ ᠪᠦ‍᠂ ᠨᠠ‍᠂ ᠬᠢ‍᠂ ᠠ‍᠂ ᠤ‍᠂ ᠳ᠋ᠤ ᠡᢈᠢᠯᠡᠯ᠎ᠡ

ᠳᠡᠯᠡᢈᠡᠢ ᠶ᠋ᠢᠨ ᠴᠠᢈᠢᠮ ᠪᠣᠯᠪᠠᠰᠤᠷᠠᠯ ᠤ᠋ᠨ ᠴᠢᠭᠤᠯᠭ᠎ᠠ ᠠᠭᠤᠯᠵᠠᠯᠲᠠ (WDEC) «ᠪᠣᠯᠪᠠᠰᠤᠷᠠᠯ ᠤ᠋ᠨ ᢈᠥᢉᠵᠢᠯ ᠪᠠ ᠰᠢᠨᠡᠴᠢᠯᠡᠯ: ᠣᠶᠤᠨ ᠤᠬᠠᠭᠠᠨ ᠤ᠋ ᠡᠷᠢᠨ ᠦᠶ᠎ᠡ» ᠰᠡᠳᠦᠪ ᠦ᠋ᠨ ᠳᠣᠣᠷ᠎ᠠ ᠪᠦ‍᠂ ᠨᠠ‍᠂ ᠬᠢ‍᠂ ᠠ‍᠂ ᠤ‍᠂ ᠤ᠋ᠨ ᠤᠬᠠᠨᠢ ᠬᠣᠲᠠᠨ᠎ᠠ ᠥᠨᠦᠳᠦᠷ ᠡᢈᠢᠯᠡᠯ᠎ᠡ᠃  ᠴᠢᠭᠤᠯᠭ᠎ᠠ ᠠᠭᠤᠯᠵᠠᠯᠲᠠ ᠳ᠋ᠤ ᠪᠣᠯᠪᠠᠰᠤᠷᠠᠯ ᠤ᠋ᠨ ᠰᠠᠶᠢᠳ ᠫᠦ‍᠂ ᠨᠠᠷᠠᠨᠪᠠᠶᠠᠷ ᠣᠷᠤᠯᠴᠠᠵᠤ ᠪᠠᠶᠢᠨ᠎ᠠ᠃  

ᠡᠨᠡ ᢈᠦ ᠴᠢᠭᠤᠯᠭ᠎ᠠ ᠠᠭᠤᠯᠵᠠᠯᠲᠠ ᠨᠢ ᠳᠡᠯᠡᢈᠡᠢ ᠶ᠋ᠢᠨ ᠤᠯᠤᠰ ᠣᠷᠤᠨ ᠨᠤᠭᠤᠳ ᠤ᠋ᠨ ᠪᠣᠯᠪᠠᠰᠤᠷᠠᠯ ᠤ᠋ᠨ ᠰᠠᠯᠪᠤᠷᠢ ᠳ᠋ᠤ ᠲᠤᠯᠭᠠᠮᠳᠠᠵᠤ ᠪᠤᠢ ᠠᠰᠠᠭᠤᠳᠠᠯ ᠢ᠋ ᢈᠡᠯᠡᠯᠴᠡᢈᠦ᠂ ᠴᠠᢈᠢᠮ ᠰᠢᠯᠵᠢᠯᠲᠡ ᠶ᠋ᠢ ᠳᠡᠮᠵᠢᢈᠦ᠂ ᠲᠤᠷᠰᠢᠯᠭ᠎ᠠ ᠰᠣᠯᠢᠯᠴᠠᠬᠤ ᠵᠣᠷᠢᠯᠭ᠎ᠠ ᠲᠠᠢ ᠶᠤᠮ᠃ «ᠰᠤᠷᠭᠠᠯᠲᠠ—ᠰᠤᠷᠤᠯᠴᠠᠬᠤᠢ—ᠤᠳᠤᠷᠢᠳᠤᠯᠭ᠎ᠠ—ᠦᠨᠡᠯᠡᢉᠡ—ᠰᠤᠳᠤᠯᠭ᠎ᠠ» ᠵᠡᠷᢉᠡ ᠪᠣᠯᠪᠠᠰᠤᠷᠠᠯ ᠤ᠋ᠨ ᠪᠦᢈᠦ ᠲᠦᠪᠰᠢᠨ ᠳ᠋ᠦ ᠳ᠋ᠢᠵᠢᠲ᠋ᠠᠯ ᠰᠢᠢᠳᠦᠯ᠂ ᠲᠧᠻᠨᠣᠯᠣᢉᠢ ᠶ᠋ᠢ ᢈᠡᠷᢈᠢᠨ ᠦᠷ᠎ᠡ ᠳ᠋ᠦᠩᠲᠡᠢ ᠨᠡᠪᠲᠡᠷᠡᢉᠦᠯᢈᠦ ᠲᠠᠯ ᠠ᠋ ᠪᠠᠷ ᠣᠷᠤᠯᠴᠠᠭᠴᠢ ᠲᠠᠯ᠎ᠠ ᠨᠤᠭᠤᠳ ᢈᠡᠯᠡᠯᠴᠡᢈᠦ ᠶᠤᠮ᠃  

ᠴᠢᠭᠤᠯᠭᠠᠨ ᠳ᠋ᠤ ᠗᠐ ᠭᠠᠷᠤᠢ ᠣᠷᠤᠨ ᠤ᠋ ᠲᠥᠷᠦ᠂ ᠵᠠᠰᠠᠭ ᠤ᠋ᠨ ᠭᠠᠵᠠᠷ ᠤ᠋ᠨ ᠲᠥᠯᠦᢉᠡᠯᠡᢉᠴᠢᠳ᠂ ᠨᠢ‍᠂ ᠦ‍᠂ ᠪᠠ‍᠂ ᠪᠣᠯᠤᠨ ᠣᠯᠠᠨ ᠤᠯᠤᠰ ᠤ᠋ᠨ ᠪᠠᠶᠢᠭᠤᠯᠤᠯᠭ᠎ᠠ ᠨᠤᠭᠤᠳ᠂ ᠡᠯᠴᠢᠨ ᠰᠠᠶᠢᠳ ᠨᠠᠷ᠂ ᠳ᠋ᠢᠵᠢᠲ᠋ᠠᠯ ᠲᠧᠻᠨᠣᠯᠣᢉᠢ ᠶ᠋ᠢᠨ ᠮᠡᠷᢉᠡᠵᠢᠯᠲᠡᠨ ᠨᠦ᠋ᢉᠦᠳ᠂ ᠶᠡᢈᠡ᠂ ᠳᠡᢉᠡᠳᠦ ᠰᠤᠷᠭᠠᠭᠤᠯᠢ ᠶ᠋ᠢᠨ ᠰᠤᠳᠤᠯᠤᠭᠠᠴᠢᠳ᠂ ᠶᠡᠷᠦᠩᢈᠡᠢ ᠪᠣᠯᠪᠠᠰᠤᠷᠠᠯ ᠪᠣᠯᠤᠨ ᠮᠡᠷᢉᠡᠵᠢᠯ ᠦ᠋ᠨ ᠪᠣᠯᠪᠠᠰᠤᠷᠠᠯ ᠤ᠋ᠨ ᠰᠤᠷᠭᠠᠭᠤᠯᠢ ᠨᠤᠭᠤᠳ ᠤ᠋ᠨ ᠲᠥᠯᠦᢉᠡᠯᠡᢉᠴᠢᠳ ᠣᠷᠤᠯᠴᠠᠵᠤ ᠪᠠᠶᠢᠨ᠎ᠠ᠃

ᠰᠡᢉᠦᠯ ᠦ᠋ᠨ ᠵᠢᠯ ᠦ᠋ᠳ ᠲᠦ ᠴᠠᢈᠢᠮ ᠪᠣᠯᠪᠠᠰᠤᠷᠠᠯ ᠨᠢ ᠲᠡᢉᠰᠢ ᢈᠦᠷᠲᠡᢉᠡᠮᠵᠢ᠂ ᠢᠯᠡ ᠲᠣᠳᠤ ᠪᠠᠶᠢᠳᠠᠯ᠂ ᠨᠠᠰᠤᠨ ᠲᠤᠷᠰᠢ ᠶ᠋ᠢᠨ ᠰᠤᠷᠤᠯᠴᠠᠬᠤ ᠪᠣᠯᠤᠮᠵᠢ ᠶ᠋ᠢ ᠨᠡᠮᠡᢉᠳᠡᢉᠦᠯᠵᠦ᠂ ᠪᠣᠯᠪᠠᠰᠤᠷᠠᠯ ᠤ᠋ᠨ ᠰᠢᠨ᠎ᠡ ᢈᠡᠪ ᠰᠢᠨᠵᠢ ᠶ᠋ᠢ ᠪᠦᠷᠢᠳᠦᢉᠦᠯᠵᠦ ᠪᠠᠶᠢᠭ᠎ᠠ ᠶ᠋ᠢ ᠣᠯᠠᠨ ᠤᠯᠤᠰ ᠤ᠋ᠨ ᠪᠠᠶᠢᠭᠤᠯᠤᠯᠭ᠎ᠠ ᠨᠤᠭᠤᠳ ᠣᠨᠴᠠᠯᠠᠵᠤ ᠪᠠᠶᠢᠨ᠎ᠠ᠃  ᠲᠤᠰ ᠴᠢᠭᠤᠯᠭᠠᠨ ᠤ᠋ ᠦᠶ᠎ᠡ ᠪᠡᠷ «ᠳᠡᠯᠡᢈᠡᠢ ᠶ᠋ᠢᠨ ᠴᠠᢈᠢᠮ ᠪᠣᠯᠪᠠᠰᠤᠷᠠᠯ ᠤ᠋ᠨ ᠬᠣᠯᠪᠤᠭ᠎ᠠ»᠂ «ᠤᠬᠠᠭᠠᠯᠢᠭ ᠪᠣᠯᠪᠠᠰᠤᠷᠠᠯ ᠤ᠋ᠨ ᠫᠯᠠᠲ᠋ᠹᠤᠷᠮ»᠂ «ᠴᠠᢈᠢᠮ ᠪᠣᠯᠪᠠᠰᠤᠷᠠᠯ ᠤ᠋ᠨ ᠳᠡᠯᠡᢈᠡᠢ ᠶ᠋ᠢᠨ ᢈᠥᢉᠵᠢᠯ ᠦ᠋ᠨ ᠢᠨ᠋ᠳᠧᠻᠰ» ᠵᠡᠷᢉᠡ ᠰᠠᠨᠠᠭᠠᠴᠢᠯᠭ᠎ᠠ ᠨᠤᠭᠤᠳ ᠢ᠋ ᠲᠠᠨᠢᠯᠴᠠᠭᠤᠯᠵᠤ᠂ ᠨᠢ‍᠂ ᠦ‍᠂ ᠪᠠ‍᠂ ᠢ᠋ᠢᠨ ᠪᠣᠯᠪᠠᠰᠤᠷᠠᠯ ᠤ᠋ᠨ ᠳᠡᠯᠡᢈᠡᠢ ᠶ᠋ᠢᠨ ᠰᠢᠨᠡᠴᠢᠯᠡᠯ ᠦ᠋ᠨ ᠵᠣᠷᠢᠯᠭ᠎ᠠ ᠲᠠᠢ ᠤᠶᠠᠯᠳᠤᠭᠤᠯᠤᠭᠰᠠᠨ ᠪᠣᠳᠤᠯᠭ᠎ᠠ ᠶ᠋ᠢᠨ ᢈᠡᠯᠡᠯᠴᠡᢉᠦᠯᢉᠡ ᠨᠦ᠋ᢉᠦᠳ ᠥᠷᠨᠢᠵᠦ ᠪᠠᠶᠢᠨ᠎ᠠ᠃  

ᠴᠢᠭᠤᠯᠭᠠᠨ ᠤ᠋ ᠦᠶ᠎ᠡ ᠪᠡᠷ ᠪᠣᠯᠪᠠᠰᠤᠷᠠᠯ ᠤ᠋ᠨ ᠰᠠᠶᠢᠳ ᠫᠦ‍᠂ ᠨᠠᠷᠠᠨᠪᠠᠶᠠᠷ ᠤᠬᠠᠨᠢ ᠬᠣᠲᠠ ᠶ᠋ᠢᠨ ᠪᠡᠶ᠎ᠡ ᠶ᠋ᠢᠨ ᠲᠠᠮᠢᠷ ᠤ᠋ᠨ ᠶᠡᢈᠡ ᠰᠤᠷᠭᠠᠭᠤᠯᠢ ᠶ᠋ᠢᠨ ᠵᠠᢈᠢᠷᠤᠯ ᠨᠣᠶᠠᠨ ᠴᠧᠨ ᠵᠢᠫᠢᠨ ᠲᠡᠢ ᠠᠭᠤᠯᠵᠠᠵᠤ᠂ ᠬᠣᠶᠠᠷ ᠰᠤᠷᠭᠠᠭᠤᠯᠢ ᠶ᠋ᠢᠨ ᠬᠠᠮᠲᠤ ᠶ᠋ᠢᠨ ᠠᠵᠢᠯᠯᠠᠭᠠᠨ ᠤ᠋ ᠶᠠᠪᠤᠴᠠ᠂ ᠢᠷᠡᢉᠡᠳᠦᠢ ᠶ᠋ᠢᠨ ᠲᠥᠯᠦᠪᠯᠡᢉᠡᠨ ᠦ᠋ ᠲᠠᠯ ᠠ᠋ ᠪᠠᠷ ᠰᠠᠨᠠᠯ ᠰᠣᠯᠢᠯᠴᠠᠯ᠎ᠠ᠃  

ᠤᠭ ᠶᠡᢈᠡ ᠰᠤᠷᠭᠠᠭᠤᠯᠢ ᠨᠢ ᠮᠠᠨ ᠤ᠋ ᠪᠣᠯᠪᠠᠰᠤᠷᠠᠯ ᠤ᠋ᠨ ᠶᠡᢈᠡ ᠰᠤᠷᠭᠠᠭᠤᠯᠢ ᠶ᠋ᠢᠨ ᠬᠠᠷᠢᠶ᠎ᠠ ᠪᠡᠶ᠎ᠡ ᠶ᠋ᠢᠨ ᠲᠠᠮᠢᠷ ᠤ᠋ᠨ ᠳᠡᢉᠡᠳᠦ ᠰᠤᠷᠭᠠᠭᠤᠯᠢ ᠲᠠᠢ ᠬᠠᠮᠲᠤᠷᠠᠨ ᠠᠵᠢᠯᠯᠠᠳᠠᠭ ᠪᠥᢉᠡᠳ ᠡᠨᠡ ᠬᠠᠮᠲᠤ ᠶ᠋ᠢᠨ ᠠᠵᠢᠯᠯᠠᠭᠠᠨ ᠤ᠋ ᢈᠦᠷᠢᠶᠡᠨ ᠳ᠋ᠦ ᠒᠐᠒᠕ ᠣᠨ ᠳ᠋ᠤ ᠪᠠᠨ ᠪᠠᠭᠲᠠᠭᠠᠨ ᠤᠬᠠᠨᠢ ᠬᠣᠲᠠᠨ᠎ᠠ ᠬᠣᠶᠠᠷ ᠰᠤᠷᠭᠠᠭᠤᠯᠢ ᠶ᠋ᠢᠨ ᠣᠶᠤᠲᠠᠨ ᠨᠤᠭᠤᠳ ᠤ᠋ᠨ ᠳᠤᠮᠳᠠ ᠨᠥᢈᠦᠷᠰᠦᢉ ᠰᠫᠣᠷᠲ ᠤ᠋ᠨ ᠲᠡᠮᠡᠴᠡᢉᠡᠨ ᠵᠣᢈᠢᠶᠠᠨ ᠪᠠᠶᠢᠭᠤᠯᠬᠤ ᠪᠠᠷ ᠲᠥᠯᠦᠪᠯᠡᠵᠦ ᠪᠠᠶᠢᠭ᠎ᠠ ᠪᠠᠨ ᠢᠯᠡᠷᢈᠡᠶᠢᠯᠡᢉᠰᠡᠨ ᠶᠤᠮ᠃  

ᠮᠥᠨ ᠡᠨᠡ ᠦᠶ᠎ᠡ ᠪᠡᠷ ᠵᠣᢈᠢᠶᠠᠨ ᠪᠠᠶᠢᠭᠤᠯᠤᠭᠳᠠᠭᠰᠠᠨ ᠦᠵᠡᠰᢈᠦᠯᠡᠩ ᠳ᠋ᠦ ᠵᠣᠴᠢᠯᠠᠨ᠂ ᢈᠢᠮᠡᠯ ᠣᠶᠤᠨ ᠤᠬᠠᠭᠠᠨ ᠤ᠋ ᠴᠢᢉᠯᠡᠯ ᠢ᠋ᠶᠡᠷ ᢈᠢᢉᠳᠡᠵᠦ ᠪᠤᠢ ᠰᠢᠨᠵᠢᠯᠡᢈᠦ ᠤᠬᠠᠭᠠᠨ᠂ ᠲᠧᠻᠨᠣᠯᠣᢉᠢ ᠶ᠋ᠢᠨ ᠳᠡᠪᠰᠢᠯ ᠪᠣᠯᠪᠠᠰᠤᠷᠠᠯ ᠤ᠋ᠨ ᠰᠠᠯᠪᠤᠷᠢ ᠳ᠋ᠤ ᢈᠡᠷᢈᠢᠨ ᠨᠡᠪᠲᠡᠷᠡᠵᠦ᠂ ᠲᠡᢉᠦᠨ ᠦ᠋ ᢈᠥᢉᠵᠢᠯ ᠳ᠋ᠦ ᢈᠡᠷᢈᠢᠨ ᠬᠤᠪᠢ ᠨᠡᠮᠡᠷᠢ ᠣᠷᠤᠭᠤᠯᠵᠤ ᠪᠤᠢ ᠲᠠᠢ ᠲᠠᠨᠢᠯᠴᠠᠯ᠎ᠠ᠃