Хаах

ᠲᠦᠩᠰᠢᠯᠡᠯ ᠳ᠋ᠦ ᠰᠠᠭᠤᠷᠢᠯᠠᠭᠰᠠᠨ ᠰᠤᠷᠭᠠᠯᠲᠠ ᠶ᠋ᠢ ᠳᠡᠮᠵᠢᢈᠦ ᠠᠷᠭ᠎ᠠ ᠵᠦᠢᠴᠢᠳ ᠢ᠋ ᠴᠢᠳᠠᠪᢈᠢᠵᠢᠭᠤᠯᠪᠠ

A- A A+
ᠲᠦᠩᠰᠢᠯᠡᠯ ᠳ᠋ᠦ ᠰᠠᠭᠤᠷᠢᠯᠠᠭᠰᠠᠨ ᠰᠤᠷᠭᠠᠯᠲᠠ ᠶ᠋ᠢ ᠳᠡᠮᠵᠢᢈᠦ ᠠᠷᠭ᠎ᠠ ᠵᠦᠢᠴᠢᠳ ᠢ᠋ ᠴᠢᠳᠠᠪᢈᠢᠵᠢᠭᠤᠯᠪᠠ

ᠮᠡᠷᢉᠡᠵᠢᠯ ᠦ᠋ᠨ ᠪᠣᠯᠤᠨ ᠲᠧᢈᠨᠢᢉ ᠦ᠋ᠨ ᠪᠣᠯᠪᠠᠰᠤᠷᠠᠯ᠂ ᠰᠤᠷᠭᠠᠯᠲᠠ ᠶ᠋ᠢᠨ (ᠮᠡ‍᠂ ᠲᠸ‍᠂ ᠪᠤ‍᠂ ᠰᠤ‍᠂) ᠓᠕ ᠪᠠᠶᠢᠭᠤᠯᠤᠯᠭ᠎ᠠ ᠶ᠋ᠢᠨ ᠨᠡᠶᠢᢉᠡᠮ ᠦ᠋ᠨ ᠲᠦᠩᠰᠢᠯᠡᠯ᠂ ᠦᠢᠯᠡᠳᠪᠦᠷᠢᠯᠡᠯ ᠦ᠋ᠨ ᠰᠤᠷᠭᠠᠯᠲᠠ ᠬᠠᠷᠢᠭᠤᠴᠠᠭᠰᠠᠨ ᠠᠷᠭ᠎ᠠ ᠵᠦᠢᠴᠢᠳ ᠲᠦ ᠵᠣᠷᠢᠭᠤᠯᠤᠭᠰᠠᠨ ᠴᠢᠳᠠᠪᢈᠢᠵᠢᠭᠤᠯᠬᠤ ᠰᠤᠷᠭᠠᠯᠲᠠ ᠠᠮᠵᠢᠯᠲᠠᠲᠠᠢ ᠵᠣᢈᠢᠶᠠᠨ ᠪᠠᠶᠢᠭᠤᠯᠤᠭᠳᠠᠯ᠎ᠠ᠃

ᠤᠭ ᠰᠤᠷᠭᠠᠯᠲᠠ ᠨᠢ ᠬᠣᠯᠪᠤᠭᠠᠨ ᠤ᠋ ᠪᠦᢉᠦᠳᠡ ᠨᠠᠶᠢᠷᠠᠮᠳᠠᠬᠤ ᢉᠧᠷᠮᠠᠨ᠋ ᠤᠯᠤᠰ ᠤ᠋ᠨ ᠡᠳ᠋ ᠦ᠋ᠨ ᠵᠠᠰᠠᠭ ᠤ᠋ᠨ ᠬᠠᠮᠲᠤ ᠶ᠋ᠢᠨ ᠠᠵᠢᠯᠯᠠᠭ᠎ᠠ᠂ ᢈᠥᢉᠵᠢᠯ ᠦ᠋ᠨ ᠶᠠᠮᠤᠨ (BMZ)᠂ ᠠᠦ᠋ᠰᠲ᠋ᠷᠠᠯᠢ ᠤᠯᠤᠰ ᠤ᠋ᠨ ᠭᠠᠳᠠᠭᠠᠳᠤ ᢈᠡᠷᠡᢉ᠂ ᠬᠤᠳᠠᠯᠳᠤᠭᠠᠨ ᠤ᠋ ᠶᠠᠮᠤᠨ (DFAT) ᠤ᠋ ᠬᠠᠮᠲᠤᠷᠠᠭᠰᠠᠨ ᠰᠠᠩᢈᠦᠵᠢᠯᠲᠡ ᠲᠡᠢ᠂ᢉᠧᠷᠮᠠᠨ ᠤ᠋ ᠣᠯᠠᠨ ᠤᠯᠤᠰ ᠤ᠋ᠨ ᠬᠠᠮᠲᠤ ᠶ᠋ᠢᠨ ᠠᠵᠢᠯᠯᠠᠭᠠᠨ ᠤ᠋ ᠨᠡᠶᠢᢉᠡᠮᠯᠢᢉ (GIZ) ᠦ᠋ᠨ ᢈᠡᠷᠡᢉᠵᠢᢉᠦᠯᠵᠦ ᠪᠤᠢ «ᠲᠦᠩᠰᠢᠯᠡᠯ ᠳ᠋ᠦ ᠰᠠᠭᠤᠷᠢᠯᠠᠭᠰᠠᠨ ᠲᠧᢈᠨᠢᢉ ᠦ᠋ᠨ ᠪᠣᠯᠤᠨ ᠮᠡᠷᢉᠡᠵᠢᠯ ᠦ᠋ᠨ ᠪᠣᠯᠪᠠᠰᠤᠷᠠᠯ᠂ ᠰᠤᠷᠭᠠᠯᠲᠠ – II ᠲᠥᠰᠦᠯ» ᠦ᠋ᠨ ᠳᠡᠮᠵᠢᠯᢉᠡ ᠲᠡᠢ ᠪᠡᠷ ᠵᠣᢈᠢᠶᠠᠨ ᠪᠠᠶᠢᠭᠤᠯᠤᠭᠳᠠᠭᠰᠠᠨ ᠶᠤᠮ᠃  

ᠰᠤᠷᠭᠠᠯᠲᠠ ᠪᠠᠷ ᠰᠤᠷᠭᠠᠯᠲᠠ ᠶ᠋ᠢᠨ ᠪᠠᠶᠢᠭᠤᠯᠤᠯᠭ᠎ᠠ᠂ ᠠᠵᠤ ᠠᠬᠤᠢ ᠶ᠋ᠢᠨ ᠨᠢᢉᠡᠴᠡ ᠶ᠋ᠢᠨ ᠲᠦᠩᠰᠢᠯᠡᠯ ᠦ᠋ᠨ ᠥᠨᠦ ᠶ᠋ᠢᠨ ᠪᠠᠶᠢᠳᠠᠯ ᠢ᠋ ᠳ᠋ᠠᠲ᠋ᠠ ᠰᠠᠩ ᠤ᠋ᠨ ᠰᠢᠨᠵᠢᠯᠡᢉᠡᠨ ᠳ᠋ᠦ ᠲᠤᠯᠭᠠᠭᠤᠷᠢᠯᠠᠨ ᠦᠨᠡᠯᠡᢈᠦ᠂ ᠦᠷ᠎ᠡ ᠳ᠋ᠦᠩ ᠳᠡᢉᠡᠷ᠎ᠡ ᠦᠨᠳᠦᠰᠦᠯᠡᠨ ᠲᠦᠩᠰᠢᠯᠡᠯ ᠦ᠋ᠨ ᠬᠠᠮᠤᠷᠬᠤ ᢈᠦᠷᠢᠶ᠎ᠡ ᠶ᠋ᠢ ᠥᠷᢉᠡᠵᠢᢉᠦᠯᢈᠦ ᠪᠣᠯᠤᠮᠵᠢ ᠨᠤᠭᠤᠳ ᠢ᠋ ᠲᠣᠳᠤᠷᠬᠠᠶᠢᠯᠠᠬᠤ᠂ ᠬᠣᠣᠰᠮᠠᠭ ᠪᠣᠯᠤᠨ ᠠᠵᠢᠯ ᠤ᠋ᠨ ᠪᠠᠶᠢᠷᠢᠨ ᠳᠡᢉᠡᠷᠡᢈᠢ ᠰᠤᠷᠭᠠᠯᠲᠠ ᠶ᠋ᠢᠨ ᠵᠢᠷᠤᠮ᠂ ᠮᠥᠨ ᠦᠢᠯᠡᠳᠪᠦᠷᠢᠯᠡᠯ ᠦ᠋ᠨ ᠰᠤᠷᠭᠠᠯᠲᠠ ᠬᠠᠷᠢᠭᠤᠴᠠᠭᠰᠠᠨ ᠠᠷᠭ᠎ᠠ ᠵᠦᠢᠴᠢ ᠶ᠋ᠢᠨ ᠠᠯᠪᠠᠨ ᠲᠤᠰᠢᠶᠠᠯ ᠳ᠋ᠤ ᠲᠠᠯᠪᠢᠭᠳᠠᠬᠤ ᠱᠠᠭᠠᠷᠳᠠᠯᠭ᠎ᠠ ᠶ᠋ᠢᠨ ᠲᠥᠰᠦᠯ ᠦ᠋ᠳ ᠲᠦ ᠰᠠᠨᠠᠯ᠂ ᠵᠥᠪᠯᠡᠮᠵᠢ ᠪᠣᠯᠪᠠᠰᠤᠷᠠᠭᠤᠯᠬᠤ ᠵᠡᠷᢉᠡ ᠰᠡᠳᠦᠪ ᠢ᠋ᠶᠡᠷ ᢈᠡᠯᠡᠯᠴᠡᢉᠦᠯᢉᠡ ᠥᠷᠨᠢᢉᠦᠯᠪᠡ᠃

ᠮᠥᠨ ᠮ‍᠂ ᠦ‍᠂ ᠬ᠂ ᠠ‍᠂ ᠦ‍᠂ ᠲ‍᠂ ᠲᠠᠢ ᠬᠠᠮᠲᠤᠷᠠᠨ ᠪᠢᠽᠢᠨᠧᠰ ᠦ᠋ᠨ ᠣᠷᠴᠢᠨ ᠤ᠋ ᠣᠨᠴᠠᠯᠢᠭ᠂ ᢈᠥᠳᠡᠯᠮᠦᠷᠢ ᠶ᠋ᠢᠨ ᠵᠠᠬ᠎ᠠ ᠵᠡᢉᠡᠯᠢ ᠳ᠋ᠦ ᠡᠷᠢᠯᠲᠡᠲᠡᠢ ᠤᠷ᠎ᠠ ᠴᠢᠳᠠᠪᠤᠷᠢ ᠪᠦᢈᠦᠢ ᠠᠵᠢᠯᠲᠠᠨ ᠪᠡᠯᠡᠳᢈᠡᢈᠦ ᠴᠢᢉᠯᠡᠯ ᠢ᠋ᠶᠡᠷ ᠳᠠᠰᠬᠠᠯ ᠠᠵᠢᠯ᠂ ᢈᠡᠯᠡᠯᠴᠡᢉᠦᠯᢉᠡ ᠵᠣᢈᠢᠶᠠᠨ ᠪᠠᠶᠢᠭᠤᠯᠤᠭᠰᠠᠨ ᠨᠢ ᠰᠤᠷᠭᠠᠯᠲᠠ ᠶ᠋ᠢᠨ ᠣᠨᠴᠠᠯᠠᠬᠤ ᢈᠡᠰᠡᢉ ᠪᠠᠶᠢᠪᠠ᠃