ᠪᠣᠯᠪᠠᠰᠤᠷᠠᠯ ᠤ᠋ᠨ ᠶᠠᠮᠤᠨ ᠤ᠋ ᠳᠡᠷᢉᠡᠳᠡᢈᠢ ᠶᠣᠰᠤ ᠵᠦᠢ ᠶ᠋ᠢᠨ ᠳᠡᠳ᠋ ᠬᠣᠷᠢᠶᠠ᠂ ᠮᠣᠩᠭᠣᠯ ᠤᠯᠤᠰ ᠤ᠋ᠨ ᠶᠣᠰᠤ ᠵᠦᠢ ᠶ᠋ᠢᠨ ᠬᠣᠷᠢᠶᠠ ᠲᠠᠢ ᠬᠠᠮᠲᠤᠷᠠᠨ ᠲᠥᠷᠦ ᠶ᠋ᠢᠨ ᠠᠯᠪᠠᠨ ᠬᠠᠭᠠᠭᠴᠢᠳ ᠲᠤ ᠵᠣᠷᠢᠭᠤᠯᠤᠭᠰᠠᠨ ᠴᠠᢈᠢᠮ ᠰᠤᠷᠭᠠᠯᠲᠠ ᠵᠣᢈᠢᠶᠠᠨ ᠪᠠᠶᠢᠭᠤᠯᠤᠯᠠ᠃ ᠡᠨᠡ ᢈᠦ ᠰᠤᠷᠭᠠᠯᠲᠠ ᠳ᠋ᠤ ᠒᠙ ᠪᠠᠶᠢᠭᠤᠯᠤᠯᠭᠠ ᠶ᠋ᠢᠨ ᠑᠒᠖ ᠲᠥᠷᠦ ᠶ᠋ᠢᠨ ᠠᠯᠪᠠᠨ ᠬᠠᠭᠠᠭᠴᠢ ᠬᠠᠮᠤᠷᠤᠭᠳᠠᠵᠡᠢ᠃
ᠰᠤᠷᠭᠠᠯᠲᠠ ᠶ᠋ᠢᠨ ᠦᠶᠡ ᠪᠡᠷ ᠶᠣᠰᠤ ᠵᠦᠢ ᠶ᠋ᠢᠨ ᠳᠡᠳ᠋ ᠬᠣᠷᠢᠶᠠᠨ ᠤ᠋ ᠦᠢᠯᠡ ᠠᠵᠢᠯᠯᠠᠭᠠ ᠶ᠋ᠢ ᠰᠠᠶᠢᠵᠢᠷᠠᠭᠤᠯᠬᠤ᠂ ᠬᠠᠷᠢᠭᠤᠴᠠᠯᠭᠠ ᠶ᠋ᠢᠨ ᠲᠣᠭᠲᠠᠯᠴᠠᠭᠠ ᠶ᠋ᠢ ᠪᠡᢈᠢᠵᠢᢉᠦᠯᢈᠦ᠂ ᠬᠠᠤᠯᠢ᠂ ᠵᠢᠷᠤᠮ ᠤ᠋ᠨ ᢈᠡᠷᠡᢉᠵᠢᠯᠲᠡ ᠶ᠋ᠢ ᠬᠠᠩᠭᠠᠬᠤ ᠲᠠᠯ ᠠ᠋ ᠪᠠᠷ ᠮᠡᠳᠡᢉᠡᠯᠡᠯ ᠥᢉᠴᠦ᠂ ᠳᠡᠳ᠋ ᠬᠣᠷᠢᠶᠠᠳ ᠤ᠋ᠨ ᠤᠶᠠᠯᠳᠤᠭᠠ ᠬᠣᠯᠪᠤᠭᠠ ᠶ᠋ᠢ ᠰᠠᠶᠢᠵᠢᠷᠠᠭᠤᠯᠬᠤ ᠲᠤᠬᠠᠢ ᠰᠠᠨᠠᠯ ᠰᠣᠯᠢᠯᠴᠠᠭᠰᠠᠨ ᠪᠠᠶᠢᠨᠠ᠃
ᠪᠣᠯᠪᠠᠰᠤᠷᠠᠯ ᠤ᠋ᠨ ᠶᠠᠮᠤᠨ ᠤ᠋ ᠳᠡᠷᢉᠡᠳᠡᢈᠢ ᠶᠣᠰᠤ ᠵᠦᠢ ᠶ᠋ᠢᠨ ᠳᠡᠳ᠋ ᠬᠣᠷᠢᠶᠠᠨ ᠤ᠋ ᠳᠠᠷᠤᠭᠠ ᠯ᠊᠂ ᠲᠡᢉᠦᠰᠪᠠᠶᠠᠷ ᢈᠡᠯᠡᢈᠦ ᠳ᠋ᠡᢉᠡᠨ᠂ «ᠲᠥᠷᠦ ᠶ᠋ᠢᠨ ᠠᠯᠪᠠᠨ ᠬᠠᠭᠠᠭᠴᠢ ᠶ᠋ᠢᠨ ᠶᠣᠰᠤ ᠵᠦᠢ ᠶ᠋ᠢᠨ ᠲᠤᠬᠠᠢ ᠬᠠᠤᠯᠢ ᢈᠡᠷᠡᢉᠵᠢᠵᠦ ᠡᢈᠢᠯᠡᢉᠰᠡᠨ ᠴᠤ ᠳᠡᠳ᠋ ᠬᠣᠷᠢᠶᠠᠳ ᠤ᠋ᠨ ᢉᠡᠰᠢᢉᠦᠳ ᠢ᠋ ᠲᠣᠭᠲᠠᠮᠠᠯ ᠰᠤᠷᠭᠠᠬᠤ᠂ ᠴᠢᠳᠠᠪᢈᠢᠵᠢᠭᠤᠯᠬᠤ ᠱᠠᠭᠠᠷᠳᠠᠯᠭᠠ ᠪᠠᠶᠢᠭᠰᠠᠭᠠᠷ ᠪᠠᠶᠢᠨᠠ» ᢈᠡᠮᠡᠨ ᠣᠨᠴᠠᠯᠠᠯᠠ᠃
ᠮᠥᠨ ᠲᠡᠷᠡ ᠪᠡᠷ ᠪᠣᠯᠪᠠᠰᠤᠷᠠᠯ ᠤ᠋ᠨ ᠰᠠᠯᠪᠤᠷᠢ ᠶ᠋ᠢᠨ ᠶᠣᠰᠤ ᠵᠦᠢ ᠶ᠋ᠢᠨ ᠳᠡᠳ᠋ ᠬᠣᠷᠢᠶᠠᠳ ᠤ᠋ᠨ ᠪᠦᠲᠦᠴᠡ᠂ ᠪᠦᠷᠢᠯᠳᠦᢈᠦᠨ᠂ ᢉᠡᠰᠢᢉᠦᠳ ᠦ᠋ᠨ ᠲᠠᠯᠠᠭᠠᠷᢈᠢ ᠮᠡᠳᠡᢉᠡᠯᠡᠯ ᠢ᠋ ᠲᠠᠨᠢᠯᠴᠠᠭᠤᠯᠵᠤ᠂ ᠴᠢᠨᠠᠭᠰᠢᠳᠠ ᠶ᠋ᠢᠨ ᠦᠢᠯᠡ ᠠᠵᠢᠯᠯᠠᠭᠠ ᠶ᠋ᠢ ᠲᠣᠭᠲᠠᠪᠤᠷᠢᠲᠠᠢ ᠦᠷᠡ ᠳ᠋ᠦᠩᠲᠡᠢ ᠶᠠᠪᠤᠭᠤᠯᠬᠤ ᠳ᠋ᠤ ᠡᠨᠡ ᠰᠤᠷᠭᠠᠯᠲᠠ ᠴᠢᠬᠤᠯᠠ ᠠᠴᠢ ᠬᠣᠯᠪᠤᠭᠳᠠᠯ ᠲᠠᠢ ᠪᠣᠯᠬᠤ ᠶ᠋ᠢ ᠳᠤᠷᠠᠳᠤᠭᠰᠠᠨ ᠶᠤᠮ᠃
ᠰᠤᠷᠭᠠᠯᠲᠠ ᠶ᠋ᠢᠨ ᢈᠦᠷᠢᠶᠡᠨ ᠳ᠋ᠦ «ᠶᠣᠰᠤ ᠵᠦᠢ ᠶ᠋ᠢᠨ ᠲᠥᠯᠦᠪᠰᠢᠯ» ᠰᠡᠳᠦᠪ ᠢ᠋ᠶᠡᠷ ᠶᠣᠰᠤ ᠵᠦᠢ ᠶ᠋ᠢᠨ ᠬᠣᠷᠢᠶᠠᠨ ᠤ᠋ ᢉᠡᠰᠢᢉᠦᠨ᠂ ᠰᠢᠨᠵᠢᠯᠡᢈᠦ ᠤᠬᠠᠭᠠᠨ ᠤ᠋ ᠳ᠋ᠣᠻᠲ᠋ᠣᠷ᠂ ᠫᠷᠣᠹᠧᠰᠰᠣᠷ᠂ ᠮᠣᠩᠭᠣᠯ ᠤᠯᠤᠰ ᠤ᠋ᠨ ᠭᠠᠪᠢᠶᠠᠲᠤ ᠪᠠᠭᠰᠢ ᠰᠢ᠂ᠪᠠᠲᠤᠰᠦ᠋ᢈᠡ ᠢᠯᠡᠳᢈᠡᠯ ᠲᠠᠯᠪᠢᠵᠤ᠂ ᠲᠥᠷᠦ ᠶ᠋ᠢᠨ ᠠᠯᠪᠠᠨ ᠬᠠᠭᠠᠭᠴᠢ ᠶ᠋ᠢᠨ ᠶᠣᠰᠤ ᠵᠦᠢ ᠶ᠋ᠢᠨ ᠦᠨᠡᠲᠦ ᠵᠦᠢᠯ᠂ ᠬᠠᠨᠳᠤᠯᠭᠠ᠂ ᠬᠠᠷᠢᠯᠴᠠᠭᠠᠨ ᠤ᠋ ᠰᠣᠶᠤᠯ ᠤ᠋ᠨ ᠲᠠᠯᠠᠭᠠᠷᢈᠢ ᠣᠶᠢᠯᠠᠭᠠᠯᠲᠠ ᠶ᠋ᠢ ᢉᠦᠨᠵᠡᢉᠡᠶᠢᠷᠡᢉᠦᠯᠦᠨ ᠲᠠᠨᠢᠯᠴᠠᠭᠤᠯᠤᠯᠠ᠃ ᠮᠥᠨ «ᠲᠥᠷᠦ ᠶ᠋ᠢᠨ ᠠᠯᠪᠠᠨ ᠬᠠᠭᠠᠭᠴᠢ ᠶ᠋ᠢᠨ ᠶᠣᠰᠤ ᠵᠦᠢ ᠶ᠋ᠢᠨ ᠬᠠᠤᠯᠢ ᠲᠣᠭᠲᠠᠭᠠᠮᠵᠢ» ᠰᠡᠳᠦᠪ ᠢ᠋ᠶᠡᠷ ᠶᠣᠰᠤ ᠵᠦᠢ ᠶ᠋ᠢᠨ ᠬᠣᠷᠢᠶᠠᠨ ᠤ᠋ ᠰᠣᠶᠤᠨ ᢉᠡᢉᠡᠷᠡᢉᠦᠯᢈᠦ ᢈᠡᠯᠲᠡᠰ ᠦ᠋ᠨ ᠳᠠᠷᠤᠭᠠ ᠴ᠊ ᠂ ᠵᠠᠶᠠᠭᠠᢈᠦ᠋ᠦ ᠢᠯᠡᠳᢈᠡᠯ ᠲᠠᠨᠢᠯᠴᠠᠭᠤᠯᠵᠤ᠂ᠬᠣᠯᠪᠤᠭᠳᠠᠬᠤ ᠬᠠᠤᠯᠢ ᠶ᠋ᠢᠨ ᠵᠣᢈᠢᠴᠠᠭᠤᠯᠤᠯᠲᠠ᠂ ᠲᠡᢉᠦᠨ ᠦ᠋ ᢈᠡᠷᠡᢉᠵᠢᠯᠲᠡ ᠶ᠋ᠢᠨ ᠶᠠᠪᠤᠴᠠ᠂ ᠠᠩᠬᠠᠷᠬᠤ ᠠᠰᠠᠭᠤᠳᠠᠯ ᠤ᠋ᠳ ᠢ᠋ ᠳᠡᠯᢉᠡᠷᠡᠩᢉᠦᠢ ᠲᠠᠶᠢᠯᠪᠤᠷᠢᠯᠠᠪᠠ᠃ ᠰᠤᠷᠭᠠᠯᠲᠠ ᠳ᠋ᠤ ᠣᠷᠤᠯᠴᠠᠭᠰᠠᠨ ᠶᠣᠰᠤ ᠵᠦᠢ ᠶ᠋ᠢᠨ ᠳᠡᠳ᠋ ᠬᠣᠷᠢᠶᠠᠨ ᠤ᠋ ᢉᠡᠰᠢᢉᠦᠳ ᠦ᠋ᠨ ᠵᠦᢉ ᠡᠴᠡ ᠲᠤᠯᠭᠠᠮᠳᠠᠵᠤ ᠪᠤᠢ ᠪᠣᠳᠠᠲᠤ ᠠᠰᠠᠭᠤᠳᠠᠯ᠂ ᠬᠠᠤᠯᠢ ᢈᠡᠷᠡᢉᠯᠡᢈᠦ ᠶᠠᠪᠤᠴᠠ ᠳ᠋ᠠᢈᠢ ᠰᠣᠷᠢᠯᠲᠠ ᠨᠤᠭᠤᠳ ᠤ᠋ᠨ ᠲᠠᠯ ᠠ᠋ ᠪᠠᠷ ᠠᠰᠠᠭᠤᠯᠲᠠ ᠠᠰᠠᠭᠤᠵᠤ᠂ ᠰᠠᠨᠠᠯ ᠲᠠᠯᠪᠢᠭᠰᠠᠨ ᠢ᠋ ᠶᠣᠰᠤ ᠵᠦᠢ ᠶ᠋ᠢᠨ ᠬᠣᠷᠢᠶᠠᠨ ᠤ᠋ ᠷᠧᠹᠧᠷᠧᠨ᠋ᠲ ᠳ᠂ ᠮᠥᠩᢈᠡᠪᠠᠲᠤ ᠬᠠᠷᠢᠭᠤᠯᠠᠨ᠂ ᠲᠣᠳᠤᠷᠠᠭᠤᠯᠭᠠ ᠥᢉᠴᠦ᠂ ᠮᠡᠷᢉᠡᠵᠢᠯ᠂ ᠠᠷᠭᠠ ᠵᠦᠢ ᠶ᠋ᠢᠨ ᠵᠥᠪᠯᠡᢉᠡ ᠥᢉᢉᠦᢉᠰᠡᠨ ᠶᠤᠮ᠃